ᠳ᠋ᠦ᠋ ᠱᠢ ᠬᠤᠳᠠᠯᠳᠤᠭᠠᠨ ᠤ ᠭᠠᠵᠠᠷ ᠨᠢ ᠨᠠᠮ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ ᠠᠵᠢᠯᠯᠠᠭᠠᠨ  ᠥᠷᠨᠢᠭᠦᠯᠪᠡ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 28 ᠤ ᠡᠳᠦᠷ᠂ ᠳ᠋ᠦ᠋ ᠱᠢ ᠬᠤᠳᠠᠯᠳᠤᠭᠠᠨ ᠤ ᠭᠠᠵᠠᠷ ᠤᠨ ᠨᠠᠮ ᠤᠨ ᠡᠭᠦᠷ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠵᠢᠴᠢ ︽ᠬᠤᠪᠢᠰᠬᠠᠯᠳᠤ ᠳᠠᠭᠤᠤ ᠳᠠᠭᠤᠯᠠᠨ᠂ ᠨᠠᠮ ᠤᠨ ᠠᠴᠢ ᠶᠢ ᠮᠠᠭᠲᠠᠨ ᠳᠠᠭᠤᠯᠠᠵᠤ᠂ ᠦᠨᠢᠳᠡ ᠨᠠᠮ ᠢᠶᠠᠨ ᠳᠠᠭᠠᠬᠤ︾ ᠬᠤᠪᠢᠰᠬᠠᠯᠳᠤ ᠳᠠᠭᠤᠤ ᠶᠢᠨ ᠤᠷᠤᠯᠳᠤᠭᠠᠨ ᠤ ᠠᠵᠢᠯᠯᠠᠭ᠎ᠠ ᠦᠷᠨᠢᠭᠦᠯᠪᠡ᠃       ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠡᠯ᠎ᠡ ᠤᠷᠤᠯᠳᠤᠭᠠᠨ ᠤ ᠠᠩᠭᠢ ᠨᠢ᠂ ︽ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠡᠪ ᠬᠠᠮᠲᠤ ᠨᠠᠮ ᠦᠭᠡᠢ ᠪᠤᠯ ᠰᠢᠨ᠎ᠡ ᠳᠤᠮᠳᠠᠳᠤ ᠤᠯᠤᠰ ᠦᠭᠡᠢ︾᠂ ︽ᠬᠠᠲᠤᠨ ᠭᠤᠣᠯ ᠢᠶᠠᠨ ᠬᠠᠮᠠᠭᠠᠯᠠᠶ᠎ᠠ︾᠂ ᠭᠡᠬᠦ ᠵᠡᠷᠭᠡ ᠳᠠᠭᠤᠤ ᠶᠢ ᠤᠷᠭᠢᠯᠤᠮ᠎ᠠ ᠬᠠᠯᠠᠭᠤᠨ ᠰᠡᠳᠬᠢᠯᠭᠡ ᠪᠠᠷ ᠳᠠᠭᠤᠯᠠᠨ ᠂ ᠨᠠᠮ ᠤᠨ ᠢᠷᠠᠭᠤ ᠠᠯᠳᠠᠷᠲᠤ ᠲᠡᠦᠬᠡ ᠪᠣᠯᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠪᠠ᠃        ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠬᠦᠳ ᠤᠨ ᠢᠳᠡᠪᠬᠢᠵᠢᠯ ᠢ ᠳᠠᠶᠢᠴᠢᠯᠠᠵᠤ ᠨᠢᠭᠡᠨ ᠤᠳᠠᠭᠠᠨ ᠤ ᠨᠠᠮᠴᠢ ᠴᠢᠨᠠᠷ ᠤᠨ ᠬᠦᠮᠦᠵᠢᠯ ᠢ ᠬᠥᠷᠲᠡᠭᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号