ᠣᠩᠨᠢᠭᠤᠳ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ 2024 ᠣᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
        6 ᠰᠠᠷ᠎ᠠ ᠶᠢᠨ 28 ᠤ ᠡᠳᠦᠷ᠂ ᠣᠩᠨᠢᠭᠤᠳ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠪᠥᠬᠦᠳᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧᠩ ᠸᠧᠶ ᠳ᠋ᠦᠩ᠂ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠬᠤᠷᠠᠯ ᠳᠤ ᠣᠷᠣᠯᠴᠠᠪᠠ᠃        ᠬᠤᠷᠠᠯ ᠠᠴᠠ᠂ 2024 ᠤᠨ ᠪᠣᠯ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠵᠠᠩᠭᠢᠯᠠᠭ᠎ᠠ ᠶᠢᠨ ᠵᠢᠯ ᠪᠣᠯᠤᠨ᠎ᠠ ᠃ ᠡᠯ᠎ᠡ ᠭᠡᠰᠢᠭᠦᠨ ᠨᠢᠭᠡᠴᠡ ᠶᠢᠨ ᠬᠢᠨ ᠨᠠᠮ ᠤᠨ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠢ ᠪᠦᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠵᠡᠷᠭᠡᠪᠡᠷ ᠲᠥᠯᠥᠪᠵᠢᠭᠦᠯᠵᠦ ᠪᠠᠶᠢᠷᠢᠯᠠᠭᠤᠯᠵᠤ ᠠᠬᠢᠭᠤᠯᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠵᠣᠷᠢᠯᠭ᠎ᠠ᠂ ᠪᠠᠷᠢᠮᠵᠢᠶ᠎ᠠ᠂ ᠵᠠᠷᠴᠢᠮ᠂ ᠭᠤᠣᠯᠳᠠᠯᠭ᠎ᠠ ᠵᠡᠷᠭᠡ ᠶᠢ ᠣᠨᠣᠪᠴᠢᠲᠠᠢ ᠡᠵᠡᠮᠳᠡᠨ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠥ ᠱᠠᠭᠠᠷᠳᠠᠭᠰᠠᠨ ᠪᠠᠶᠢᠨ᠎ᠠ᠃ ᠬᠤᠷᠠᠯ ᠠᠴᠠ ︽ᠣᠩᠨᠢᠭᠤᠳ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯᠯᠠᠬᠤ ᠳᠦᠷᠢᠮ︾ ᠢ ᠤᠩᠰᠢᠨ ᠨᠡᠶᠢᠲᠡᠯᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号