ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ 2024 ᠣᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
        7 ᠰᠠᠷ᠎ᠠ ᠶᠢᠨ 10 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ 2024 ᠣᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠬᠢᠭᠤᠯᠤᠯᠲᠠ ᠶᠢᠨ ᠬᠤᠷᠠᠯ ᠬᠤᠷᠠᠯ ᠬᠤᠷᠠᠯᠳᠤᠭᠤᠯᠵᠤ᠂ ᠳ᠋ᠦᠩ ᠵᠢᠦ ᠪᠢᠩ ᠂ ᠰᠠᠶᠢᠨᠪᠠᠲᠤ ᠬᠤᠷᠠᠯ ᠳᠤ ᠣᠷᠣᠯᠴᠠᠵᠠᠶ᠃         ᠬᠤᠷᠠᠯ ᠠᠴᠠ᠂ ᠰᠠᠨᠠᠯ ᠵᠥᠪᠯᠡᠯᠭᠡ ᠳᠤᠷᠠᠳᠬᠤ ᠪᠣᠯ ᠤᠯᠤᠰ ᠲᠦᠷᠦ ᠶᠢᠨ ᠵᠥᠪᠯᠡᠯᠭᠡ ᠥᠭᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠳᠤ ᠣᠷᠣᠯᠴᠠᠨ ᠡᠭᠦᠷᠭᠡ ᠴᠢᠳᠠᠪᠬᠢ ᠪᠠᠨ ᠭᠦᠢᠴᠡᠳᠬᠡᠬᠦ ᠴᠢᠬᠤᠯᠠ ᠠᠷᠭ᠎ᠠ ᠬᠡᠯᠪᠡᠷᠢ ᠮᠥᠨ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃         ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠪᠡ︔ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃         ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠪᠤᠯᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠪᠠᠰᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠵᠤ᠂ ᠰᠠᠨᠠᠯ ᠳᠤᠷᠠᠳᠤᠯᠭ᠎ᠠ ᠶᠢ ᠬᠦᠢᠴᠡᠳᠬᠡᠭᠰᠡᠨ ᠠᠬᠢᠴᠠ ᠶᠢᠨ ᠪᠠᠶᠢᠳᠠᠯ ᠪᠠ ᠬᠦᠢᠴᠡᠳᠬᠡᠭᠰᠡᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号