ᠤᠩᠨᠢᠭᠤᠳ ᠬᠤᠰᠢᠭᠤᠨ ᠤᠨ ᠠᠵᠢᠯᠴᠢᠨ ᠤ ᠶᠡᠷᠥᠩᠬᠡᠢ ᠡᠪᠯᠡᠯ ᠠᠷᠪᠠᠨ ᠲᠦᠷᠪᠡᠳᠥᠭᠡᠷ ᠬᠤᠭᠤᠴᠠᠭᠠᠨ ᠤ ᠵᠦᠪᠯᠡᠯ ᠲᠦᠷᠪᠡᠳᠥᠭᠡᠷ ᠤᠳᠠᠭᠠᠨ ᠤ ᠪᠦᠭᠦᠳᠡ ᠬᠤᠷᠠᠯᠳᠤᠭᠠᠨ ᠬᠢᠪᠡ
ᠨᠡᠶᠢᠲᠡᠯᠡᠭᠰᠡᠨ ᠴᠠᠭ᠄
2024/7/11
        7 ᠰᠠᠷ᠎ᠠ ᠶᠢᠨ 8 ᠤ ᠡᠳᠦᠷ᠂ ᠣᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠷᠪᠠᠨ ᠳᠥᠷᠪᠡᠳᠦᠭᠡᠷ ᠬᠤᠭᠤᠴᠠᠭᠠᠨ ᠤ ᠵᠦᠪᠯᠡᠯ ᠳᠥᠷᠪᠡᠳᠦᠭᠡᠷ ᠤᠳᠠᠭᠠᠨ ᠤ ᠪᠥᠬᠦᠳᠡ ᠬᠤᠷᠠᠯᠳᠤᠭᠠᠨ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠯᠤᠸᠠᠨ ᠱᠸᠤ ᠡᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠵᠦᠪᠯᠡᠯ ᠢ ᠲᠥᠯᠥᠭᠡᠯᠡᠨ ᠠᠵᠢᠯ ᠤᠨ ᠢᠯᠡᠳᠬᠡᠯ ᠬᠢᠪᠠ᠃         ᠶᠡᠭᠡ ᠬᠤᠷᠠᠯ ᠠᠴᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠪᠠ ᠳᠡᠳ᠋ ᠲᠡᠷᠢᠭᠦᠯᠡᠭᠴᠢ ᠶᠢ ᠨᠥᠬᠦᠨ ᠰᠣᠩᠭᠤᠪᠠ︔ ︽ᠣᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠦᠪᠯᠡᠯ ᠤᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯᠳᠤᠭᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃         ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠠᠵᠢᠯᠴᠢᠨ ᠤ ᠡᠪᠯᠡᠯ ᠤᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠤᠯᠭ᠎ᠠ ᠳᠣᠤᠷ᠎ᠠ᠂ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号