ᠣᠩᠨᠢᠭᠤᠳ ᠬᠤᠰᠢᠭᠤᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠦᠵᠡᠰᠬᠦᠯᠡᠩ ᠤᠨ ᠣᠷᠳᠣᠨ ᠵᠢᠩᠬᠢᠨᠢ ᠪᠠᠷ ᠪᠠᠶᠢᠭᠤᠯᠤᠭᠳᠠᠪᠠ᠃
ᠨᠡᠶᠢᠲᠡᠯᠡᠭᠰᠡᠨ ᠴᠠᠭ᠄
2024/7/11
        7 ᠰᠠᠷ᠎ᠠ ᠶᠢᠨ 5 ᠤ ᠡᠳᠦᠷ᠂ ᠣᠩᠨᠢᠭᠤᠳ ᠬᠤᠰᠢᠭᠤᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠦᠵᠡᠭᠦᠯᠭᠡ ᠶᠢᠨ ᠣᠷᠳᠣᠨ ᠥᠪᠥᠷ ᠮᠣᠩᠭᠤᠯ ᠤᠨ ᠮᠢᠩ ᠶᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠫᠠᠶᠢᠰᠠ ᠡᠯᠭᠦᠪᠡ᠃ ᠬᠤᠰᠢᠭᠤᠨ ᠳᠡᠳ᠋ ᠳᠠᠷᠤᠭ᠎ᠠ ᠯᠢ ᠾᠦᠢ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃         ᠣᠩᠨᠢᠭᠤᠳ ᠬᠤᠰᠢᠭᠤᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠦᠵᠡᠰᠬᠦᠯᠡᠩ ᠤᠨ ᠣᠷᠳᠣᠨ ᠪᠣᠯ ᠳᠡᠯᠭᠡᠨ ᠦᠵᠡᠭᠦᠯᠬᠦ᠂ ᠰᠣᠯᠢᠯᠴᠠᠬᠤ᠂ ᠰᠤᠷᠤᠯᠴᠠᠬᠤ ᠶᠢ ᠨᠢᠭᠡ ᠴᠣᠭᠴᠠ ᠪᠣᠯᠭᠠᠭᠰᠠᠨ ᠤᠬᠠᠭᠤᠯᠤᠨ ᠳᠡᠯᠭᠡᠷᠡᠭᠦᠯᠬᠦ ᠲᠠᠪᠴᠠᠩ ᠪᠣᠯᠬᠤ ᠶᠤᠮ᠃ ᠤᠷᠤᠨ ᠨᠤᠲᠤᠭ ᠤᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠰᠣᠶᠣᠯ ᠤᠨ ᠲᠡᠮᠳᠡᠭ᠂ ᠰᠣᠶᠣᠯ ᠤᠨ ᠠᠭᠤᠯᠤᠭᠳᠠᠬᠤᠨ ᠪᠠ ᠰᠣᠶᠣᠯ ᠤᠨ ᠭᠧᠨ ᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠣᠩᠨᠢᠭᠤᠳ ᠬᠤᠰᠢᠭᠤᠨ ᠤ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠰᠣᠶᠣᠯ ᠢᠷᠭᠡᠨᠰᠢᠯ ᠤᠨ ᠳᠠᠪᠠᠭᠤᠯᠢᠭ ᠢ ᠨᠠᠷᠠᠲᠤ ᠲᠡᠮᠳᠡᠭᠲᠦ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠯᠣᠨ᠎ᠠ᠃         2023 ᠤᠨ ᠪᠤᠯᠲᠠᠯ᠎ᠠ᠂ ᠪᠦᠬᠦ ᠬᠤᠰᠢᠭᠤᠨ ᠳᠤ ᠤᠩᠨᠢᠭᠤᠳ ᠬᠤᠰᠢᠭᠤᠨ ᠤ ᠦᠬᠡᠷ ᠤᠨ ᠮᠢᠬ᠎ᠠ᠂ ᠬᠤᠨᠢᠨ ᠮᠢᠬ᠎ᠠ᠂ ᠲᠤᠳᠤᠷᠭ᠎ᠠ᠂ ᠨᠠᠷᠢᠮᠤ᠂ ᠨᠠᠷᠠᠨ ᠬᠤᠸᠠᠷ ᠢ ᠤᠯᠤᠰ ᠤᠨ ᠳᠡᠰ ᠤᠨ ᠭᠠᠵᠠᠷ ᠵᠦᠢ ᠶᠢᠨ ᠳᠡᠮᠳᠡᠭᠳᠥ ᠪᠠᠷ ᠭᠡᠷᠡᠴᠢᠯᠡᠭᠰᠡᠨ ᠲᠠᠸᠠᠷ ᠤᠨ ᠲᠡᠮᠳᠡᠭ 5 ᠪᠣᠯᠣᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号