ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠰᠡᠳᠥᠪ ᠢᠶᠠᠷ ᠬᠢᠨᠠᠯᠲᠠ ᠲᠠᠯᠪᠢᠬᠤ ᠬᠡᠯᠪᠡᠷᠢ ᠶᠢᠨ ᠵᠦᠪᠯᠡᠨ ᠰᠡᠳᠥᠪᠯᠡᠬᠦ ᠲᠠᠪᠤᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/11
       7 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠰᠡᠳᠥᠪ ᠢᠶᠠᠷ ᠬᠢᠨᠠᠯᠲᠠ ᠲᠠᠯᠪᠢᠬᠤ ᠬᠡᠯᠪᠡᠷᠢ ᠶᠢᠨ ᠵᠦᠪᠯᠡᠨ ᠰᠡᠳᠥᠪᠯᠡᠬᠦ ᠲᠠᠪᠤᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠶᠠᠩ ᠱᠣ᠋ ᠴᠢᠨ ᠨᠡᠷ ᠮᠠᠨ ᠤ ᠬᠤᠰᠢᠭᠤᠨ ᠳᠤ ᠢᠷᠡᠵᠦ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠪᠠ ᠡᠯᠡᠰᠦᠨ ᠤ ᠠᠵᠤ ᠦᠢᠯᠡᠰ ᠢ ᠨᠡᠭᠡᠭᠡᠨ ᠠᠰᠢᠭᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠰᠢᠨ ᠢᠦᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧᠩ ᠸᠧᠶ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠠᠤᠳᠤ ᠭᠠᠴᠠᠭ᠎ᠠ ᠠᠴᠠ ᠵᠢᠷᠭᠤᠭᠠᠠᠭᠡᠷ ᠭᠠᠴᠠᠭ᠎ᠠ ᠬᠦᠷᠬᠦ ᠱᠤᠭᠤᠮ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠦᠷᠦᠯ ᠵᠦᠢᠯ ᠤᠨ ᠲᠣᠭᠤᠷᠢᠭ᠂ ᠬᠠᠰ ᠯᠤᠤ ᠨᠠᠭᠤᠷ ᠪᠦᠷᠢᠳᠥᠳᠥ ᠦᠵᠡᠮᠵᠢ ᠶᠢᠨ ᠣᠷᠣᠨ ᠵᠡᠷᠭᠡ ᠭᠠᠵᠠᠷ ᠲᠤ ᠬᠦᠷᠴᠦ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠡᠯᠡᠰᠦ ᠮᠠᠩᠬᠠᠨ ᠤ ᠠᠮᠢ ᠠᠬᠤᠢ ᠶᠢᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠭᠡ ᠶᠢ ᠭᠦᠨᠵᠡᠭᠡᠶ ᠥᠷᠨᠢᠭᠦᠯᠵᠦ᠂ ᠲᠦᠷᠢᠮ ᠲᠣᠭᠲᠠᠴᠠ ᠶᠢ ᠲᠡᠭᠦᠯᠳᠡᠷᠵᠢᠭᠦᠯᠥᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭ ᠣᠷᠣᠨ ᠤ ᠠᠵᠤ ᠠᠬᠤᠶ ᠶᠢᠨ ᠬᠥᠭᠵᠢᠯᠲᠡ ᠳᠤ ᠬᠠᠮᠲᠤ ᠪᠠᠷ ᠣᠷᠣᠯᠴᠠᠭᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠢᠯᠠᠯᠲᠠ ᠶᠢ ᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号