ᠮᠠᠨ ᠤ ᠬᠤᠰᠢᠭᠤ ︽ᠮᠠᠨ ᠤ ᠳᠤ ᠢᠷᠡᠭᠡᠷᠡᠢ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
        7 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠵᠡᠷᠭᠡ 14 ᠨᠢᠭᠡᠴᠡ ᠲᠠᠢ ᠬᠠᠮᠲᠤᠷᠠᠨ ︽ᠦᠨᠡᠨᠴᠢ ᠪᠠᠷ ᠬᠠᠪᠰᠤᠷᠤᠨ ᠪᠣᠯᠪᠠᠰᠤᠨ ᠢᠶᠠᠷ ᠦᠢᠯᠡᠴᠢᠯᠡᠶ᠎ᠡ᠂ ᠮᠠᠨ ᠤ ᠳᠤ ᠢᠷᠡᠭᠡᠷᠡᠢ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠯᠪᠠᠨ ᠵᠢᠷᠤᠮ ᠤᠨ ᠡᠮᠴᠢᠯᠡᠭᠡ᠂ ᠬᠠᠤᠯᠢ ᠴᠠᠭᠠᠵᠠ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠵᠡᠷᠭᠡ ᠦᠢᠯᠡᠴᠢᠯᠡᠭᠡᠨ ᠢ ᠥᠷᠨᠢᠭᠦᠯᠵᠦ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠪᠠ ᠪᠣᠳᠠᠲᠤ ᠠᠰᠢᠭ ᠬᠦᠷᠲᠡᠭᠡᠬᠦ ᠶᠢᠨ ᠬᠠᠮᠲᠤ᠂ ᠨᠡᠶᠢᠭᠡᠮ ᠨᠡᠶᠢᠲᠡ ᠶᠢᠨ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠪᠠᠶᠢᠨ᠎ᠠ᠃ᠮᠠᠨ ᠤ ᠬᠤᠰᠢᠭᠤ ᠨᠢ ᠳᠠᠷᠠᠭᠠᠴᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠲᠥᠪᠯᠡᠷᠡᠭᠦᠯᠬᠦ᠂ ᠨᠦᠯᠥᠭᠡᠯᠡᠬᠦ᠂ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ︽ᠵᠢᠵᠢᠭ ᠵᠢᠭᠰᠠᠭᠠᠯ ᠤᠨ ᠭᠠᠵᠠᠷ︾ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠴᠢᠨᠠᠷ ᠰᠠᠶᠢᠲᠠᠶ ᠡᠬᠢ ᠪᠠᠶᠠᠯᠢᠭ ᠢ ᠬᠤᠷᠠᠮᠳᠠᠭᠤᠯᠵᠤ᠂ ᠡᠯᠪᠡᠭ ᠪᠠᠶᠠᠯᠢᠭ ᠠᠭᠤᠯᠭ᠎ᠠ ᠲᠠᠢ ᠪᠤᠯᠪᠠᠰᠤᠨ ᠦᠢᠯᠡᠳᠥᠯᠭᠡ ᠶᠢᠨ ᠠᠵᠢᠯᠯᠠᠭ᠎ᠠ ᠦᠷᠨᠢᠭᠦᠯᠵᠥ᠂ ᠦᠷᠡᠭᠡᠨ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠨ᠂ ᠠᠮᠢᠳᠤᠷᠠᠯ ᠤᠨ ᠪᠠᠶᠠᠷ ᠪᠠᠶᠠᠰᠤᠯ ᠢ ᠡᠳ᠋ᠯᠡᠭᠦᠯᠬᠦ ᠪᠣᠯᠣᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号