ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ  ᠳᠡᠳ᠋ ᠶᠠᠮᠤᠨ ᠳᠠᠷᠤᠭ᠎ᠠ ᠮᠠ ᠶᠸᠥ ᠰᠢᠶᠠᠩ  ᠤᠨ ᠪᠦᠬᠦ ᠤᠯᠤᠰ  ᠤᠨ ᠦᠷᠭᠡᠨ ᠤᠯᠠᠨ  ᠰᠠᠭᠠᠯᠢ ᠶᠢᠨ ᠦᠢᠯᠡᠰ ᠡᠷᠬᠢᠯᠡᠭᠴᠢᠳ  ᠳᠤ ᠰᠠᠨᠠᠭᠤᠯᠤᠭᠰᠠᠨ ᠦᠭᠡ
ᠨᠡᠶᠢᠲᠡᠯᠡᠭᠰᠡᠨ ᠴᠠᠭ᠄
2024/7/11
        7 ᠰᠠᠷ᠎ᠠ ᠶᠢᠨ4 ᠤ ᠡᠳᠥᠷ᠂ ᠳᠤᠮᠳᠠᠳᠤ ᠤᠯᠤᠰ   ᠤᠨ ᠰᠠᠭᠠᠯᠢ ᠶᠢᠨ ᠦᠢᠯᠡᠰ ᠤᠨ ᠨᠡᠶᠢᠭᠡᠮᠯᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠰᠠᠭᠠᠯᠢ ᠶᠢᠨ ᠦᠢᠯᠡᠰ ᠤᠨ ᠶᠡᠭᠡ ᠬᠤᠷᠠᠯ᠂ ᠰᠠᠭᠠᠯᠢ ᠶᠢᠨ ᠦᠢᠯᠡᠰ ᠤᠨ20 ᠬᠦᠴᠥᠷᠬᠡᠭ ᠪᠦᠯᠥᠭᠯᠡᠯ ᠤᠨ ᠶᠠᠷᠢᠯᠴᠠᠭᠠᠨ ᠤ ᠳᠠᠪᠴᠠᠩ ᠵᠢᠴᠢ 2024 ᠤᠨ ᠤ ᠳᠤᠮᠳᠠᠳᠤ ᠤᠯᠤᠰ ᠤᠨ ᠰᠠᠭᠠᠯᠢ ᠶᠢᠨ ᠦᠢᠯᠡᠰ ᠤᠨ ᠦᠵᠡᠭᠦᠯᠥᠯᠭᠡ   ᠶᠢᠨ ᠡᠬᠢᠯᠡᠯᠳᠡ ᠶᠢᠨ ᠶᠤᠰᠤᠯᠠᠯ ᠦᠬᠠᠨ ᠬᠤᠲᠠ ᠳᠤ ᠶᠠᠪᠤᠭᠳᠠᠪᠠ᠃         ᠬᠤᠷᠠᠯ ᠳᠡᠭᠡᠷ᠎ᠡ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ  ᠳᠡᠳ᠋ ᠶᠠᠮᠤᠨ ᠳᠠᠷᠤᠭ᠎ᠠ ᠮᠠ ᠶᠸᠥ ᠰᠢᠶᠠᠩ ᠲᠤᠰ ᠤᠳᠠᠭᠠᠨ ᠤ ᠠᠵᠢᠯᠯᠠᠭᠠᠨ ᠤ ᠭᠤᠤᠯ ᠵᠤᠷᠢᠯᠭ᠎ᠠ ᠶᠢᠨ ᠲᠤᠬᠠᠢ ᠢᠯᠡᠳᠬᠡᠯ ᠬᠢᠵᠥ᠂ ᠰᠠᠭᠠᠯᠢ ᠶᠢᠨ ᠦᠢᠯᠡᠰ ᠤᠨ ᠤᠶᠢᠷ᠎ᠠ  ᠶᠢᠨ ᠵᠢᠯ   ᠠᠴᠠ  ᠨᠠᠰᠢᠬᠢ ᠤᠯᠤᠭᠰᠠᠨ  ᠲᠡᠥᠬᠡᠳᠥ ᠴᠢᠨᠠᠷᠳᠠᠢ ᠠᠮᠵᠢᠯᠳᠠ ᠪᠦᠳᠥᠮᠵᠢ᠂ ᠤᠳᠤᠬᠠᠨ ᠳᠤ ᠤᠴᠠᠷᠠᠭᠰᠠᠨ ᠬᠦᠴᠢᠷᠳᠡᠯ  ᠪᠤᠯᠤᠨ ᠪᠦᠬᠦᠶᠢᠯᠡ‌‍ᠰᠠᠭᠠᠯᠢ ᠶᠢᠨ ᠦᠢᠯᠡᠰᠴᠢᠳ   ᠤᠨ  ᠴᠢᠷᠮᠠᠶᠢᠬᠤ ᠬᠠᠨᠳᠤᠰᠢ᠂ ᠠᠷᠭ᠎ᠠ ᠠᠪᠴᠠᠯ ᠵᠡᠷᠭᠡ ᠲᠠᠯ᠎ᠠ  ᠪᠠᠷ ᠨᠠᠷᠢᠯᠢᠭ ᠲᠠᠶᠢᠯᠪᠤᠷᠢᠯᠠᠭᠰᠠᠨ ᠪᠠᠶᠢᠨ᠎ᠠ᠃        ᠮᠠ ᠶᠸᠥ ᠰᠢᠶᠠᠩ  ᠶᠠᠷᠢᠶᠠᠨ ᠳᠠᠭᠠᠨ᠂ ᠲᠦᠷᠥ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠬᠢᠮ ᠠᠴᠠ 2018 ᠤᠨ ᠳᠤ《 ᠰᠠᠭᠠᠯᠢ ᠶᠢᠨ ᠦᠢᠯᠡᠰ   ᠢ ᠬᠦᠭᠵᠢᠭᠦᠯᠬᠦ ᠶᠢ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠠᠮᠤᠷ ᠲᠦᠪᠰᠢᠨ ᠢ ᠪᠠᠲᠤᠯᠠᠬᠤ ᠲᠤᠬᠠᠢ ᠰᠠᠨᠠᠯ》 ᠨᠡᠶᠢᠲᠡᠯᠡᠨ᠂ ᠰᠠᠭᠠᠯᠢ ᠶᠢᠨ ᠦᠢᠯᠡᠰ ᠤᠨ ᠤᠷᠤᠨ ᠪᠠᠶᠢᠷᠢ ᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠰᠠᠭᠠᠯᠢ ᠶᠢᠨ ᠦᠢᠯᠡᠰ ᠨᠢ  ᠤᠯᠤᠰ   ᠢᠶᠠᠨ ᠡᠷᠡᠭᠦᠯᠵᠢᠭᠦᠯᠵᠥ  ᠦᠨᠳᠥᠰᠥᠳᠡᠨ ᠢᠶᠠᠨ ᠬᠦᠴᠥᠷᠬᠡᠭᠵᠢᠭᠦᠯᠬᠦ ᠳᠤ  ᠳᠤᠳᠠᠭᠳᠠᠵᠤ ᠪᠤᠯᠤᠰᠢ ᠦᠭᠡᠢ ᠠᠵᠤ ᠦᠢᠯᠡᠰ ᠪᠤᠯᠬᠤ ᠶᠢ  ᠴᠢᠩᠭᠠᠳᠬᠠᠪᠠ᠃ ᠮᠦᠨᠴᠥ ᠠᠮᠤᠷ ᠲᠦᠪᠰᠢᠨ ᠢᠳᠡᠭᠡᠨ ᠤ  ᠲᠦᠯᠥᠭᠡᠯᠡᠬᠦ ᠴᠢᠨᠠᠷᠳᠠᠢ ᠠᠵᠤ ᠦᠢᠯᠡᠰ  ᠪᠤᠯᠬᠤ᠂ ᠤᠳᠤᠬᠢᠴᠢᠯᠠᠭᠰᠠᠨ ᠲᠠᠷᠢᠶᠠᠯᠠᠩ ᠤᠨ ᠪᠡᠯᠭᠡ ᠲᠡᠮᠳᠡᠭ ᠤᠨ ᠴᠢᠨᠠᠷᠳᠠᠢ ᠠᠵᠤ ᠦᠢᠯᠡᠰ᠂ ᠨᠢᠭᠡᠳᠥᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ ᠲᠤᠬᠢᠷᠠᠯᠴᠠᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠤ ᠦᠢᠯᠡᠰ ᠪᠤᠯᠬᠤ ᠶᠤᠮ  ᠭᠡᠵᠡᠢ᠃        ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠨᠠᠮ ᠤᠨ ᠲᠦᠪ ᠬᠤᠷᠢᠶᠠᠨ ᠤ ᠰᠢᠢᠳᠪᠥᠷᠢᠳᠥ ᠪᠤᠳᠤᠯᠭ᠎ᠠ  ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠳᠡᠮᠵᠢᠯᠭᠡ ᠶᠢᠨ ᠬᠦᠴᠥᠯᠡᠴᠡ ᠪᠠᠨ ᠦᠷᠭᠦᠯᠵᠢᠯᠡᠨ ᠨᠡᠮᠡᠭᠳᠡᠭᠦᠯᠵᠥ᠂ ᠶᠠᠰᠤ ᠴᠢᠨᠠᠷ   ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠦᠷᠭᠦᠯᠵᠢᠯᠡᠨ ᠴᠢᠩᠭᠠᠷᠠᠭᠤᠯᠤᠨ᠂ ᠠᠵᠤ ᠦᠢᠯᠡᠰ ᠤᠨ ᠰᠢᠨ᠎ᠡ ᠶᠢ ᠡᠭᠦᠳᠥᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃        ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠵᠤ ᠦᠢᠯᠡᠳᠪᠥᠷᠢ ᠪᠤᠯᠤᠨ ᠰᠤᠷᠠᠭ  ᠵᠠᠩᠬᠢᠴᠢᠯᠠᠬᠤ ᠶᠠᠮᠤᠨ᠂ ᠵᠠᠬ᠎ᠠ ᠳᠡᠯᠭᠡᠭᠦᠷ   ᠤᠨ ᠬᠢᠨᠠᠨ ᠬᠠᠮᠢᠶᠠᠷᠬᠤ ᠶᠠᠷᠥᠩᠬᠡᠢ ᠲᠤᠪᠴᠢᠶ᠎ᠠ ᠵᠡᠷᠭᠡ 9 ᠰᠠᠯᠠᠭ᠎ᠠ ᠮᠦᠴᠢᠷ ᠬᠤᠯᠪᠤᠭᠠᠯᠠᠨ《 ᠰᠠᠭᠠᠯᠢ  ᠶᠢᠨ ᠦᠢᠯᠡᠰ ᠢ ᠤᠯᠠᠮ ᠨᠢᠭᠡ ᠠᠯᠬᠤᠮ ᠠᠬᠢᠭᠤᠯᠤᠨ ᠬᠦᠭᠵᠢᠭᠦᠯᠬᠦ ᠲᠤᠬᠠᠢ ᠬᠡᠳᠥᠨ ᠰᠠᠨᠠᠯ》 ᠢ ᠳᠠᠷᠤᠮᠯᠠᠨ ᠲᠠᠷᠬᠠᠭᠠᠪᠠ᠃        ᠦᠪᠥᠷ ᠮᠤᠩᠭᠤᠯ  ᠂ ᠾᠧᠪᠸᠢ᠂ ᠨᠢᠩᠰᠢᠶᠠ ᠵᠡᠷᠭᠡ ᠭᠤᠤᠯᠳᠠᠯᠭ᠎ᠠ ᠲᠠᠢ ᠭᠠᠷᠤᠯᠳᠠ ᠶᠢᠨ ᠮᠤᠵᠢ ᠤᠷᠤᠨ ᠨᠢ ᠴᠤ ᠵᠠᠯᠭ᠎ᠠ ᠪᠠᠷ ᠨᠡᠯᠢᠶᠡᠳ ᠴᠢᠨᠠᠷᠳᠠᠢ ᠲᠦᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠪᠠ᠃ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠤᠯᠤᠨ  ᠪᠤᠯᠪᠠᠰᠤᠷᠠᠭᠤᠯᠤᠨ  ᠡᠳ᠋ᠰᠢᠯᠡᠭᠦᠯᠬᠦ ᠠᠵᠤ ᠠᠬᠤᠶᠢᠯᠠᠯ᠂ ᠠᠵᠢᠯ ᠲᠦᠷᠥᠯ ᠤᠨ ᠨᠡᠶᠢᠭᠡᠮᠯᠢᠭ᠂ ᠲᠤᠰᠬᠠᠢ ᠮᠡᠷᠭᠡᠵᠢᠯᠳᠡᠨ ᠡᠷᠳᠡᠮᠳᠡᠳ ᠴᠤ  ᠠᠳᠠᠯᠢᠬᠠᠨ  ᠵᠦᠭ ᠲᠤ  ᠢᠳᠡᠯᠡᠭᠰᠡᠨ ᠠᠴᠠ ᠰᠠᠭᠠᠯᠢ ᠶᠢᠨ ᠦᠢᠯᠡᠰ ᠤᠨ ᠶᠡᠷᠥᠩᠬᠡᠶᠢᠯᠡᠭᠰᠡᠨ ᠦᠢᠯᠡᠳᠪᠥᠷᠢᠯᠡᠯ ᠤᠨ ᠬᠦᠴᠥᠨ ᠪᠦᠬᠦ ᠲᠠᠯ᠎ᠠ ᠪᠠᠷ ᠳᠡᠭᠡᠭᠰᠢᠯᠡᠵᠥ᠂ ᠲᠡᠥᠬᠡᠳᠥ ᠴᠢᠨᠠᠷᠳᠠᠢ ᠦᠷ᠎ᠡ  ᠪᠦᠲᠥᠮᠵᠢ ᠤᠯᠤᠭᠰᠠᠨ ᠪᠠᠶᠢᠨ᠎ᠠ᠃        ᠨᠢᠭᠡ ᠳᠤ᠂ ᠰᠥ ᠶᠢᠨ ᠲᠦᠷᠥᠯ ᠤᠨ ᠦᠢᠯᠡᠳᠪᠥᠷᠢᠯᠡᠯ ᠦᠰᠥᠷᠥᠯᠳᠡ ᠶᠢᠨ ᠮᠠᠶ᠋ᠢᠭ ᠤᠨ ᠨᠡᠮᠡᠭᠳᠡᠯ ᠢ ᠪᠡᠶᠡᠯᠡᠭᠦᠯᠪᠡ᠃  2023 ᠤᠨ ᠳᠤ ᠮᠠᠨ ᠤ ᠤᠯᠤᠰ ᠤᠨ ᠰᠥ ᠶᠢᠨ ᠲᠦᠷᠥᠯ ᠤᠨ ᠭᠠᠷᠤᠯᠳᠠ4281 ᠲᠦᠮᠡᠨ ᠲᠤᠨ ᠬᠦᠷᠴᠥ᠂ 2021 ᠤᠨ ᠲᠠᠢ ᠠᠳᠠᠯᠢᠳᠬᠠᠪᠠᠯ 29.5 % ᠪᠠᠷ ᠨᠡᠮᠡᠭᠳᠡᠪᠡ᠃ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ  ᠬᠡᠪᠴᠢᠶᠡᠵᠢᠭᠦᠯᠥᠯᠳᠡ ᠶᠢᠨ  ᠨᠤᠷᠮ᠎ᠠ76% ᠳᠤ ᠬᠦᠷᠴᠥ᠂2021 ᠤᠨ ᠲᠠᠢ ᠠᠳᠠᠯᠢᠳᠬᠠᠪᠠᠯ 38.8% ᠪᠠᠷ ᠨᠡᠮᠡᠭᠳᠡᠪᠡ ᠃  ᠡᠭᠦᠨ‌ᠡᠴᠠ ᠭᠠᠳᠠᠨ᠎ᠠ ᠲᠡᠵᠢᠭᠡᠨ ᠦᠷᠡᠵᠢᠭᠦᠯᠬᠦ ᠨᠤᠷᠮ᠎ᠠ ᠮᠡᠳᠡᠭᠳᠡᠬᠦᠶᠢᠴᠡ ᠳᠡᠭᠡᠭᠰᠢᠯᠡᠭᠰᠡᠨ ᠪᠠᠶᠢᠨ᠎ᠠ᠃         ᠬᠤᠶᠠᠷ ᠲᠤ᠂ ᠮᠠᠨ ᠤ ᠤᠯᠤᠰ ᠤᠨ ᠴᠠᠭᠠᠨ ᠢᠳᠡᠭᠡᠨ ᠤ ᠶᠠᠰᠤ ᠴᠢᠨᠠᠷ   ᠨᠢ ᠬᠦᠭᠵᠢᠭᠰᠡᠨ ᠤᠯᠤᠰ ᠤᠨ ᠬᠢᠷᠢ ᠲᠦᠪᠰᠢᠨ ᠲᠠᠢ ᠮᠦᠷᠥ  ᠵᠡᠷᠭᠡᠴᠡᠪᠡ᠃ 2021 ᠤᠨ ᠲᠠᠢ ᠠᠳᠠᠯᠢᠳᠬᠠᠪᠠᠯ  ᠂ 2023 ᠤᠨ   ᠤ ᠰᠢᠨ᠎ᠡ ᠰᠤᠷᠭᠤᠭ ᠰᠥ  ᠶᠢᠨ ᠤᠭᠤᠷᠤᠭ ᠤᠨ ᠠᠭᠤᠯᠤᠭᠳᠠᠴᠠ ᠶᠢᠨ ᠬᠡᠮᠵᠢᠶ᠎ᠡ 3.16%  ᠪᠠᠶᠢᠭᠰᠠᠨ‌ᠡᠴᠠ ᠪᠠᠨ 3.28% ᠪᠤᠯᠤᠨ  ᠨᠡᠮᠡᠭᠳᠡᠪᠡ᠃ ᠰᠥ ᠶᠢᠨ ᠦᠭᠡᠬᠦ ᠶᠢᠨ ᠠᠭᠤᠯᠤᠭᠳᠠᠭᠴᠠ ᠶᠢᠨ ᠬᠡᠮᠵᠢᠶ᠎ᠡ 3.59% ᠪᠠᠶᠢᠭᠰᠠᠨ ᠠᠴᠠ ᠪᠠᠨ 3.91 ᠪᠤᠯᠤᠨ ᠨᠡᠮᠡᠭᠳᠡᠪᠡ᠃  ᠬᠤᠮᠠᠬᠢ ᠪᠤᠳᠠᠰ   ᠤᠨ  ᠠᠬᠤᠭᠤᠯᠤᠭᠳᠠᠬᠤ ᠲᠤᠭ᠎ᠠ ᠤᠤᠯ   ᠤᠨ ᠮᠢᠯᠯᠢᠯᠢᠲᠷ ᠪᠦᠷᠢ ᠳᠡᠭᠡᠨ 60.5 ᠲᠦᠮᠡ ᠠᠬᠤᠭᠤᠯᠵᠤ ᠪᠠᠶᠢᠭᠰᠠᠨ ᠠᠴᠠ ᠪᠠᠨ11 ᠲᠦᠮᠡ ᠪᠤᠯᠤᠨ  ᠪᠠᠭᠤᠷᠠᠵᠤ᠂ ᠭᠤᠤᠯᠯᠠᠬᠤ ᠰᠢᠮ᠎ᠡ ᠲᠡᠵᠢᠭᠡᠯ ᠤᠨ  ᠠᠭᠤᠯᠤᠭᠳᠠᠴᠠ ᠶᠢᠨ ᠬᠠᠨᠤᠮᠵᠢ ᠶᠢᠨ ᠪᠠᠷᠢᠮᠵᠢᠶ᠎ᠠ ᠨᠢ ᠬᠦᠭᠵᠢᠭᠰᠡᠨ ᠤᠯᠤᠰ ᠤᠨ ᠬᠡᠮᠵᠢᠶᠡᠨ ᠳᠤ ᠬᠦᠷᠥᠭᠰᠡᠨ ᠪᠠᠶᠢᠨ᠎ᠠ᠃        ᠭᠤᠷᠪᠠ ᠳᠤ᠂  ᠤᠯᠤᠰ ᠤᠨ ᠳᠤᠳᠤᠭᠠᠳᠤ ᠶᠢᠨ  ᠴᠠᠭᠠᠨ ᠢᠳᠡᠭᠡᠨ ᠨᠢ  ᠬᠡᠷᠡᠭᠯᠡᠭᠴᠢᠳ ᠤᠨ ᠢᠳᠡᠭᠡᠯ ᠢ ᠳᠠᠬᠢᠨ ᠤᠯᠤᠭᠰᠠᠨ ᠪᠠᠶᠢᠨ᠎ᠠ᠃ ᠤᠯᠠᠨ ᠵᠢᠯ ᠤᠨ ᠲᠤᠷᠰᠢᠳᠠ᠂ ᠳᠤᠮᠳᠠᠳᠤ ᠤᠯᠤᠰ ᠤᠨ ᠰᠠᠭᠠᠯᠢ ᠶᠢᠨ ᠦᠢᠯᠡᠰ ᠤᠨ ᠴᠠᠭᠠᠨ ᠢᠳᠡᠭᠡᠨ ᠤ 20 ᠬᠦᠴᠥᠷᠬᠡᠭ ᠤᠨ ᠴᠤᠭᠯᠠᠭᠠᠨ  ᠡᠷᠬᠢᠯᠡᠬᠦ ᠶᠢ  ᠪᠠᠷᠢᠮᠲᠠᠯᠠᠵᠤ᠂  ᠲᠤᠭᠤᠷᠢᠨ ᠦᠵᠡᠬᠦ ᠮᠠᠶ᠋ᠢᠭ ᠤᠨ ᠮᠠᠯᠵᠢᠯ  ᠤᠨ ᠲᠠᠯᠠᠪᠠᠢ  ᠪᠠᠶᠢᠭᠤᠯᠬᠤ ᠶᠢ  ᠲᠠᠨᠢᠯᠴᠠᠭᠤᠯᠤᠨ ᠳᠡᠯᠭᠡᠷᠡᠭᠦᠯᠵᠥ᠂ ᠤᠯᠤᠰ ᠤᠨ ᠳᠤᠳᠤᠭᠠᠳᠤ ᠶᠢᠨ ᠴᠠᠭᠠᠨ ᠢᠳᠡᠭᠡᠨ ᠤ ᠨᠡᠷᠡᠳᠥ ᠳᠡᠮᠳᠡᠭᠳᠥ ᠶᠢᠨ ᠢᠷᠠᠭᠤ ᠠᠯᠳᠠᠷ ᠢ ᠳᠠᠬᠢᠨ ᠱᠤᠭᠤᠭᠰᠠᠨ ᠪᠠᠶᠢᠨ᠎ᠠ᠃ ᠤᠯᠤᠰ ᠤᠨ ᠳᠤᠳᠤᠭᠠᠳᠤ ᠶᠢᠨ ᠦᠢᠯᠡᠳᠪᠥᠷᠢᠯᠡᠭᠰᠡᠨ ᠨᠢᠯᠬ᠎ᠠ ᠪᠠᠯᠴᠢᠷ ᠬᠡᠥᠬᠡᠳ ᠲᠤ ᠬᠡᠷᠡᠭᠯᠡᠬᠦ ᠨᠠᠶᠢᠷᠠᠯ ᠰᠥ ᠶᠢᠨ ᠲᠠᠯᠬ᠎ᠠ   ᠨᠢ ᠵᠠᠬ᠎ᠠ ᠳᠡᠯᠭᠡᠭᠦᠷ ᠤᠨ ᠭᠤᠤᠯᠯᠠᠬᠤ ᠤᠷᠤᠨ ᠪᠠᠶᠢᠷᠢ ᠪᠠᠨ ᠳᠠᠬᠢᠨ ᠡᠵᠡᠯᠡᠵᠥ᠂ ᠰᠢᠩᠭᠡᠨ ᠰᠥ   ᠶᠢᠨ ᠲᠦᠷᠥᠯ ᠨᠢ ᠵᠠᠬ᠎ᠠ ᠳᠡᠯᠭᠡᠭᠦᠷ ᠤᠨ 96% ᠶᠢ ᠡᠵᠡᠯᠡᠭᠰᠡᠨ ᠪᠠᠶᠢᠨ᠎ᠠ  ᠃        ᠡᠳᠡᠭᠡᠷ ᠠᠮᠵᠢᠯᠳᠠ ᠪᠦᠲᠥᠮᠵᠢ ᠨᠢ ᠬᠠᠮᠤᠷᠠᠭᠳᠠᠭᠰᠠᠨ ᠤᠯᠠᠨ ᠤ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠤᠮᠤᠭᠰᠢᠯᠳᠠᠢ᠂ ᠨᠠᠨᠳᠢᠩᠨᠢᠭᠤᠰᠢᠳᠠᠢ ᠠᠮᠵᠢᠯᠳᠠ ᠪᠦᠲᠥᠮᠵᠢ ᠪᠤᠯᠬᠤ ᠶᠤᠮ᠃          『 ᠭᠤᠷᠪᠠᠨ ᠤᠯᠠᠨ᠂ ᠭᠤᠷᠪᠠᠨ ᠴᠦᠬᠡᠨ』 ᠪᠤᠯ ᠴᠠᠭᠠᠨ  ᠢᠳᠡᠭᠡᠨ   ᠤ ᠬᠡᠷᠡᠭᠯᠡᠭᠡᠨ ᠬᠦᠭᠵᠢᠶᠡᠨ ᠦᠭᠡᠢ ᠪᠠᠶᠢᠬᠤ ᠶᠢᠨ ᠭᠤᠤᠯ ᠰᠢᠯᠲᠠᠭᠠᠨ ᠤ ᠨᠢᠭᠡ ᠪᠤᠯᠬᠤ ᠶᠤᠮ         2022 ᠤᠨ ᠠᠴᠠ ᠨᠠᠰᠢ᠂ ᠴᠠᠭᠠᠨ ᠢᠳᠡᠭᠡᠨ ᠤ  ᠬᠡᠷᠡᠭᠯᠡᠭᠡ ᠮᠠᠭᠤᠳᠠᠵᠤ᠂ ᠪᠤᠯᠪᠠᠰᠤᠷᠠᠭᠤᠯᠵᠤ ᠡᠳ᠋ᠰᠢᠭᠦᠯᠬᠦ ᠠᠵᠤ ᠠᠬᠤᠶᠢᠯᠠᠯ ᠤᠳ ᠤᠨ ᠶᠡᠭᠡ ᠬᠡᠮᠵᠢᠶᠡᠨ ᠤ ᠰᠥ ᠶᠢᠨ ᠲᠠᠯᠬ᠎ᠠ ᠨᠦᠭᠡᠴᠢᠯᠡᠭᠳᠡᠵᠥ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠡᠭᠡ ᠬᠡᠪᠴᠢᠶ᠎ᠡ ᠪᠠᠷ ᠬᠤᠬᠢᠷᠠᠯ ᠳᠤ   ᠤᠴᠠᠷᠠᠵᠤ᠂ 2023 ᠤᠨ ᠳᠤ  ᠬᠤᠬᠢᠷᠠᠯ ᠳᠤ ᠤᠴᠠᠷᠠᠭᠰᠠᠨ ᠬᠡᠮᠵᠢᠶ᠎ᠡ   ᠨᠢ 70%   ᠳᠤ  ᠬᠦᠷᠴᠥ᠂2024 ᠤᠨ ᠤ ᠡᠮᠥᠨ᠎ᠡ 5 ᠰᠠᠷ᠎ᠠ  ᠪᠤᠯᠳᠠᠯ᠎ᠠ ᠬᠤᠬᠢᠷᠠᠯ ᠨᠢ ᠦᠷᠭᠦᠯᠵᠢᠯᠡᠨ ᠬᠡᠴᠡᠭᠦᠳᠡᠪᠡ᠃        ᠡᠨᠡᠬᠦ ᠬᠦᠴᠢᠷᠳᠡᠯ ᠦᠷᠢᠰᠥᠯᠳᠥᠭᠡᠨ   ᠳᠤ ᠬᠠᠨᠳᠤᠭᠤᠯᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠨᠢ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠠᠢ ᠬᠠᠮᠵᠢᠯᠴᠠᠨ ᠬᠡᠷᠡᠭᠯᠡᠭᠡᠨ ᠤ ᠲᠦᠷᠥ ᠶᠢᠨ ᠪᠤᠳᠤᠯᠭ᠎ᠠ ᠶᠢ ᠢᠳᠡᠪᠬᠢᠳᠡᠢ ᠲᠤᠭᠳᠠᠭᠠᠨ ᠬᠡᠷᠡᠭᠵᠢᠭᠦᠯᠪᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠤᠳ ᠢᠳᠡᠪᠬᠢᠳᠡᠢ ᠠᠷᠭ᠎ᠠ ᠬᠡᠮᠵᠢᠶ᠎ᠡ ᠠᠪᠤᠨ ᠦᠪᠡᠷ ᠢ ᠪᠠᠨ ᠲᠡᠩᠬᠡᠷᠡᠭᠦᠯᠵᠥ᠂ ᠢᠯᠢ᠂ ᠮᠧᠩ ᠨᠢᠥ ᠵᠡᠷᠭᠡ ᠲᠤᠮᠤ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠴᠤ ᠢᠳᠡᠪᠬᠢᠳᠡᠢ ᠪᠠᠷ ᠬᠤᠳᠠᠯᠳᠤᠨ ᠠᠪᠬᠤ ᠪᠠ ᠪᠤᠷᠤᠯᠠᠭᠤᠯᠬᠤ ᠭᠡᠷ᠎ᠡ ᠶᠢ ᠬᠡᠷᠡᠭᠵᠢᠭᠦᠯᠵᠥ᠂ ᠰᠢᠨ᠎ᠡ ᠰᠤᠷᠭᠤᠭ ᠰᠦ  ᠬᠤᠳᠠᠯᠳᠤᠨ ᠠᠪᠬᠤ ᠶᠢ ᠪᠠᠲᠤᠯᠠᠪᠠ᠃ ᠳᠤᠮᠳᠠᠳᠤ ᠤᠯᠤᠰ   ᠤᠨ ᠰᠠᠭᠠᠯᠢ ᠶᠢᠨ ᠦᠢᠯᠡᠰ ᠤᠨ ᠨᠡᠶᠢᠭᠡᠮᠯᠢᠭ ᠤᠯᠠᠨ ᠲᠠᠯ᠎ᠠ ᠶᠢ ᠵᠤᠬᠢᠴᠠᠭᠤᠯᠤᠨ ᠲᠤᠬᠢᠷᠠᠭᠤᠯᠵᠤ᠂ ᠠᠵᠢᠯ ᠲᠦᠷᠥᠯ ᠢ ᠱᠠᠭᠠᠷᠳᠠᠨ᠂ ᠦᠢᠯᠡᠳᠪᠥᠷᠢᠯᠡᠵᠥ ᠪᠤᠷᠤᠯᠠᠭᠤᠯᠬᠤ ᠵᠤᠯᠭᠠᠯᠴᠠᠭ᠎ᠠ ᠶᠢ ᠠᠬᠢᠭᠤᠯᠤᠭᠰᠠᠨ ᠪᠠᠶᠢᠨ᠎ᠠ᠃ ᠢᠩᠬᠢᠭᠡᠳ ᠬᠠᠮᠲᠤ ᠶᠢᠨ ᠴᠢᠷᠮᠠᠶᠢᠯᠭ᠎ᠠ ᠲᠤᠤᠷ᠎ᠠ᠂ ᠰᠦ ᠶᠢᠨ ᠦᠢᠯᠡᠰ ᠤᠨ ᠬᠤᠬᠢᠷᠠᠯ ᠢ ᠬᠠᠮᠤᠭ ᠲᠤᠤᠷ᠎ᠠ ᠬᠡᠮᠵᠢᠶᠡᠨ ᠳᠤ ᠬᠢᠵᠠᠭᠠᠷᠯᠠᠵᠤ ᠴᠢᠳᠠᠭᠰᠠᠨ ᠪᠠᠶᠢᠨ᠎ᠠ᠃         ᠭᠡᠪᠡᠴᠥ ᠪᠢᠳᠠ ᠪᠠᠰᠠ ᠤᠳᠤᠬᠠᠨ ᠤ ᠬᠦᠨᠳᠥ ᠬᠡᠴᠡᠭᠦᠥ ᠪᠠᠶᠢᠳᠠᠯ ᠵᠢᠴᠢ ᠨᠡᠩ ᠢᠯᠠᠩᠭᠤᠶ᠎ᠠ ᠤᠷᠲᠤ ᠬᠤᠭᠤᠴᠠᠭᠠᠨ ᠤ ᠰᠢᠢᠳᠪᠥᠷᠢᠯᠡᠵᠥ  ᠲᠡᠶᠢᠯᠥᠭᠡᠳᠥᠢ ᠠᠰᠠᠭᠤᠳᠠᠯ ᠢ ᠳᠠᠷᠤᠶᠢᠬᠠᠨ ᠰᠢᠢᠳᠪᠥᠷᠢᠯᠡᠬᠦ ᠬᠡᠷᠡᠭᠳᠡᠢ ᠭᠡᠳᠡᠭ ᠢ ᠤᠯᠵᠤ ᠬᠠᠷᠠᠬᠤ ᠬᠡᠷᠡᠭᠳᠡᠢ᠃  ᠡᠭᠦᠨ ᠢ ᠭᠤᠤᠯᠳᠠᠭᠤ ᠬᠤᠶᠠᠷ ᠲᠠᠯ᠎ᠠ ᠪᠠᠷ ᠦᠵᠡᠬᠦ ᠬᠡᠷᠡᠭᠳᠡᠢ᠃  ᠬᠦᠭᠵᠢᠯᠳᠡ ᠶᠢᠨ  ᠭᠤᠯᠳᠤ ᠶᠠᠪᠤᠴᠠ ᠠᠴᠠ ᠦᠵᠡᠪᠡᠯ᠂ ᠠᠵᠤ  ᠦᠢᠯᠡᠰ ᠤᠨ  ᠬᠡᠯᠬᠢᠶᠡᠵᠢᠯ ᠤᠨ ᠨᠢᠭᠡ  ᠴᠤᠭᠴᠠᠵᠢᠭᠤᠯᠤᠯᠳᠠ   ᠶᠢᠨ  ᠪᠤᠶᠢᠵᠢᠯᠳᠡ ᠨᠢ ᠬᠦᠢᠴᠡᠳ ᠦᠭᠡᠢ᠃ ᠮᠠᠨ ᠤ ᠤᠯᠤᠰ ᠤᠨ ᠰᠠᠭᠠᠯᠢ ᠶᠢᠨ ᠦᠢᠯᠡᠰ ᠤᠨ ᠬᠦᠭᠵᠢᠯᠳᠡ ᠶᠢᠨ ᠡᠬᠢᠯᠡᠯᠳᠡ ᠨᠢ ᠤᠷᠤᠢ᠃ ᠠᠯᠢ ᠡᠷᠳᠡ ᠳᠡᠭᠡᠷ᠎ᠡ ᠵᠠᠭᠤᠨ   ᠤ  ᠭᠤᠴᠢᠭᠠᠳ ᠤᠨ ᠤ ᠦᠶ᠎ᠡ ᠪᠠᠷ  ᠠᠮᠧᠷᠢᠺᠠ  ᠤᠯᠤᠰ ᠨᠢ  “ ᠭᠤᠷᠪᠠᠨ ᠴᠤᠮᠤ ᠰᠦ” ᠶᠢᠨ ᠬᠦᠳᠡᠯᠭᠡᠭᠡᠨ ᠦᠷᠨᠢᠭᠦᠯᠵᠥ᠂ ᠲᠠᠪᠢᠭᠠᠳ ᠤᠨ ᠤ ᠦᠶ᠎ᠡ ᠪᠠᠷ ᠶᠠᠫᠤᠨ ᠤᠯᠤᠰ ᠰᠤᠷᠤᠭᠴᠢᠳ ᠳᠤ ᠰᠦ ᠤᠤᠭᠤᠯᠭᠠᠬᠤ ᠲᠦᠯᠥᠪᠯᠡᠭᠡ ᠶᠢ ᠬᠠᠤᠯᠢ ᠲᠤᠭᠳᠠᠭᠠᠨ ᠳᠡᠯᠭᠡᠷᠡᠭᠦᠯᠵᠥ᠂  ᠡᠨᠡᠳᠬᠡᠭ ᠤᠯᠤᠰ ᠳᠠᠯᠠᠭᠠᠳ ᠤᠨ ᠤ ᠦᠶ᠎ᠡ ᠪᠠᠷ“ ᠴᠠᠭᠠᠨ  ᠦᠩᠭᠡ ᠶᠢᠨ ᠬᠤᠪᠢᠰᠬᠠᠯ』 ᠡᠭᠦᠰᠬᠡᠪᠡ᠃ ᠮᠠᠨ ᠤ ᠤᠯᠤᠰ 2007 ᠤᠨ ᠳᠤ《 ᠲᠦᠷᠥ ᠶᠢᠨ ᠶᠠᠪᠤᠳᠠᠯ ᠤᠨ ᠬᠤᠷᠢᠶᠠᠨ ᠤ ᠰᠠᠭᠠᠯᠢ ᠶᠢᠨ ᠦᠢᠯᠡᠰ ᠢ ᠦᠷᠭᠦᠯᠵᠢᠯᠡᠨ ᠡᠷᠡᠭᠦᠯ ᠢᠶᠠᠷ ᠬᠦᠭᠵᠢᠭᠦᠯᠬᠦ  ᠶᠢ ᠠᠬᠢᠭᠤᠯᠬᠤ ᠰᠠᠨᠠᠯ》 ᠢ ᠠᠩᠬᠠᠳᠤᠭᠠᠷ ᠤᠳᠠᠭ᠎ᠠ ᠲᠤᠭᠲᠠᠭᠠᠭᠰᠠᠨ ᠠᠴᠠ ᠪᠤᠳᠤᠪᠠᠯ ᠰᠠᠶ᠋ᠢ  ᠠᠷᠪᠠ ᠭᠠᠷᠤᠢ ᠵᠢᠯ ᠪᠤᠯᠵᠤ ᠪᠠᠶᠢᠨ᠎ᠠ᠃ ᠰᠠᠭᠠᠯᠢ ᠶᠢᠨ ᠦᠢᠯᠡᠰ ᠬᠦᠭᠵᠢᠭᠰᠡᠨ ᠤᠯᠤᠰ ᠤᠨ ᠤᠷᠢᠳᠠᠪᠠᠷ ᠲᠡᠵᠢᠭᠡᠨ ᠦᠷᠡᠵᠢᠭᠦᠯᠵᠥ᠂ ᠳᠠᠷᠠᠭ᠎ᠠ ᠨᠢ  ᠪᠤᠯᠪᠠᠰᠤᠷᠠᠭᠤᠯᠵᠤ ᠡᠳ᠋ᠰᠢᠭᠦᠯᠬᠦ ᠠᠵᠤ ᠦᠢᠯᠡᠰ ᠤᠨ ᠬᠡᠯᠬᠢᠶᠡᠵᠢᠯ ᠤᠨ ᠨᠢᠭᠡ ᠴᠤᠭᠴᠠᠵᠢᠭᠰᠠᠨ ᠶᠠᠪᠤᠴᠠ   ᠲᠠᠢ ᠠᠳᠠᠯᠢᠳᠬᠠᠪᠠᠯ᠂ ᠮᠠᠨ ᠤ ᠤᠯᠤᠰ ᠤᠨ ᠲᠡᠵᠢᠭᠡᠨ ᠦᠷᠡᠵᠢᠭᠦᠯᠬᠦ᠂  ᠪᠤᠯᠪᠠᠰᠤᠷᠠᠭᠤᠯᠵᠤ ᠡᠳ᠋ᠰᠢᠭᠦᠯᠬᠦ   ᠨᠢ ᠪᠠᠰᠠᠯᠠ ᠬᠤᠶᠠᠷ ᠠᠰᠳᠠᠭᠠᠨ ᠶᠠᠪᠤᠳᠠᠯ ᠪᠠᠶᠢᠭᠰᠠᠭᠠᠷ᠃ ᠰᠦ   ᠪᠠᠨ ᠬᠤᠳᠠᠯᠳᠤᠬᠤ ᠳᠤ ᠪᠡᠷᠬᠡᠳᠡᠢ᠂ ᠰᠦ  ᠪᠤᠯᠢᠶᠠᠯᠴᠠᠨ ᠬᠤᠳᠠᠯᠳᠤᠨ ᠠᠪᠬᠤ ᠦᠵᠡᠭᠳᠡᠯ  ᠠᠮᠠᠷᠬᠠᠨ ᠡᠭᠡᠯᠵᠢᠯᠡᠨ  ᠡᠭᠦᠰᠳᠡᠭ᠃         ᠬᠦᠭᠵᠢᠯᠳᠡ ᠶᠢᠨ ᠬᠦᠨᠳᠡᠯᠡᠨ ᠠᠴᠠ ᠦᠵᠡᠪᠡᠯ᠂ ᠴᠠᠭᠠᠨ ᠢᠳᠡᠭᠡᠨ ᠤ   ᠬᠠᠩᠭᠠᠯᠭ᠎ᠠ ᠬᠡᠷᠡᠭᠴᠡᠭᠡ   ᠶᠢᠨ  ᠵᠤᠬᠢᠴᠠᠯᠳᠤᠬᠤ ᠬᠡᠮᠵᠢᠶ᠎ᠡ ᠶᠢ ᠳᠠᠷᠤᠶᠢᠬᠠᠨ ᠳᠡᠭᠡᠭᠰᠢᠯᠡᠭᠦᠯᠬᠦ ᠬᠡᠷᠡᠭᠳᠡᠢ᠃2020 ᠤᠨ ᠠᠴᠠ ᠨᠠᠰᠢ ᠴᠠᠭᠠᠨ ᠢᠳᠡᠭᠡᠨ ᠤ ᠬᠡᠷᠡᠭᠯᠡᠭᠡᠨ ᠤ ᠬᠡᠮᠵᠢᠶ᠎ᠡ ᠤᠯᠠᠨ ᠵᠢᠯ ᠲᠤᠷᠰᠢᠬᠢ ᠲᠤᠭᠳᠠᠭᠤᠨ ᠢᠶᠠᠷ ᠨᠡᠮᠡᠭᠳᠡᠳᠡᠭ ᠪᠠᠶᠢᠳᠠᠯ ᠬᠤᠪᠢᠷᠠᠯᠳᠠ ᠭᠠᠷᠴᠣ ᠬᠡᠪ ᠤᠨ ᠪᠤᠰᠤ ᠪᠠᠶᠢᠳᠠᠯ ᠢᠶᠠᠷ ᠳᠤᠷᠤᠭᠰᠢᠯᠠᠪᠠ᠃  ᠳᠡᠯᠡᠬᠡᠢ ᠨᠡᠶᠢᠲᠡ ᠶᠢᠨ ᠰᠢᠯᠲᠠᠭᠠᠨ ᠠᠴᠠ ᠪᠤᠯᠵᠤ᠂ ᠴᠠᠭᠠᠨ ᠢᠳᠡᠭᠡᠨ ᠤ ᠬᠠᠩᠭᠠᠯᠭ᠎ᠠ ᠶᠢᠨ ᠪᠦᠲᠥᠴᠡ ᠨᠢ ᠬᠡᠷᠡᠭᠯᠡᠭᠡᠨ ᠤ ᠬᠤᠪᠢᠷᠠᠯᠲᠠ ᠲᠠᠢ ᠲᠤᠬᠢᠷᠠᠬᠤ ᠦᠭᠡᠢ ᠪᠤᠯᠤᠭᠰᠠᠨ ᠢ ᠲᠤᠳᠤᠷᠬᠠᠶᠢᠯᠠᠭᠰᠠᠨ ᠪᠠᠶᠢᠨ᠎ᠠ᠃         ᠪᠤᠳᠠᠳᠠᠢ ᠢᠯᠡᠷᠡᠯ ᠨᠢ ᠭᠡᠪᠡᠯ『 ᠭᠤᠷᠪᠠᠨ  ᠤᠯᠠᠨ᠂ ᠭᠤᠷᠪᠠᠨ ᠴᠦᠬᠡᠨ』 ᠶᠠᠪᠤᠳᠠᠯ ᠪᠤᠯᠤᠨ᠎ᠠ᠃ ᠲᠠᠷᠤᠢ『 ᠰᠢᠩᠭᠡᠨ ᠰᠦ ᠶᠢᠨ ᠲᠦᠷᠥᠯ ᠤᠯᠠᠨ᠂  ᠬᠠᠲᠠᠭᠠᠮᠠᠯ ᠴᠠᠭᠠᠨ ᠢᠳᠡᠭᠡᠨ ᠤ ᠲᠦᠷᠥᠯ ᠴᠦᠬᠡᠨ︔ ᠦᠨᠳᠥᠷ ᠬᠠᠩᠰᠢᠨ ᠤ ᠴᠠᠭᠠᠨ ᠢᠳᠡᠭᠡᠨ ᠤ ᠲᠦᠷᠥᠯ ᠤᠯᠠᠨ᠂  ᠲᠤᠭᠳᠤᠮᠠᠯ ᠬᠠᠩᠰᠢᠨ ᠤ ᠴᠠᠭᠠᠨ ᠢᠳᠡᠭᠡᠨ ᠤ ᠲᠦᠷᠥᠯ  ᠴᠦᠬᠡᠨ︔ ᠬᠤᠲᠠ ᠭᠠᠵᠠᠷ ᠤᠨ ᠬᠡᠷᠡᠭᠯᠡᠭᠡ ᠤᠯᠠᠨ᠂ ᠬᠦᠳᠡᠭᠡ ᠲᠤᠰᠬᠤᠨ ᠤ ᠬᠡᠷᠡᠭᠯᠡᠭᠡ ᠴᠦᠬᠡᠨ』᠃ ᠡᠳᠡᠭᠡᠷ ᠵᠦᠢᠯ   ᠤᠨ ᠰᠢᠯᠳᠠᠭᠠᠨ ᠠᠴᠠ ᠪᠤᠯᠵᠤ ᠤᠶᠢᠷ᠎ᠠ ᠶᠢᠨ ᠬᠤᠶᠠᠷ ᠵᠢᠯ ᠤᠨ ᠬᠡᠷᠡᠭᠯᠡᠭᠡᠨ ᠬᠦᠭᠵᠢᠶᠡᠨ ᠦᠭᠡᠢ ᠪᠤᠯᠤᠭᠰᠠᠨ ᠪᠠᠶᠢᠵᠤ ᠮᠡᠳᠡᠬᠦ ᠶᠤᠮ᠃ ᠴᠠᠭ ᠦᠶ᠎ᠡ  ᠶᠢᠨ ᠬᠡᠷᠡᠭᠴᠡᠭᠡ ᠰᠠᠭᠠᠷᠳᠠᠯᠭ᠎ᠠ ᠨᠢ ᠴᠤ ᠪᠠᠰᠠ ᠨᠢᠭᠡ ᠵᠦᠢᠯ ᠤᠨ  ᠤᠴᠢᠷ ᠰᠢᠯᠳᠠᠭᠠᠨ ᠪᠤᠯᠬᠤ ᠶᠤᠮ᠃         ᠡᠨᠡ ᠵᠢᠯ ᠪᠤᠯ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠤᠨ ᠵᠢᠯ ᠪᠤᠯᠬᠤ  ᠶᠤᠮ᠃ ᠨᠠᠮ ᠤᠨ ᠬᠤᠷᠢᠳᠤᠭᠠᠷ  ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤᠳᠠᠯ ᠦᠭᠡᠢ ᠬᠤᠷᠠᠯᠳᠤᠬᠤ ᠪᠠᠷ ᠪᠠᠶᠢᠨ᠎ᠠ᠃ ᠦᠷᠭᠡᠨ ᠤᠯᠠᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠪᠤᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠂ ᠭᠤᠤᠯᠳᠠᠯᠭ᠎ᠠ ᠲᠠᠢ ᠭᠠᠷᠤᠯᠳᠠ ᠶᠢᠨ ᠤᠷᠤᠨ ᠤ ᠤᠷᠤᠨ ᠨᠤᠲᠤᠭ ᠤᠨ ᠵᠠᠰᠠᠭ ᠤᠨ ᠤᠷᠳᠤᠨ᠂ ᠰᠤᠳᠤᠯᠭᠠᠨ ᠤ ᠠᠵᠢᠯᠳᠠᠳ  ᠢ ᠬᠦᠰᠡᠬᠦ ᠨᠢ᠂ ᠡᠭᠦᠨ ᠢᠶᠠᠷ ᠠᠵᠠ ᠲᠤᠬᠢᠶᠠᠯ ᠪᠤᠯᠭᠠᠵᠤ᠂ ᠤᠳᠤᠬᠠᠨ ᠤ ᠰᠠᠭᠠᠯᠢ ᠶᠢᠨ ᠦᠢᠯᠡᠰ ᠤᠨ ᠬᠦᠴᠢᠷ ᠪᠡᠷᠬᠡ ᠲᠠᠢ ᠪᠠᠶᠢᠳᠠᠯ ᠳᠤ ᠬᠠᠨᠳᠤᠨ᠂ ᠠᠰᠠᠭᠤᠳᠠᠯ ᠢᠶᠠᠷ ᠤᠳᠤᠷᠢᠳᠤᠮᠵᠢ  ᠪᠤᠯᠭᠠᠬᠤ ᠪᠤᠯᠤᠨ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠨ ᠨᠢᠭᠡᠳᠥᠯᠵᠢᠭᠦᠯᠵᠥ᠂ ᠰᠠᠭᠠᠯᠢ ᠶᠢᠨ ᠦᠢᠯᠡᠰ   ᠤᠨ ᠬᠦᠭᠵᠢᠯᠳᠡ ᠶᠢ ᠬᠢᠵᠠᠭᠠᠷᠯᠠᠵᠤ ᠪᠠᠶᠢᠭ᠎ᠠ ᠪᠤᠭᠤᠮᠢ᠂ ᠲᠦᠭᠵᠢᠷᠡᠯ ᠳᠤ ᠴᠢᠭᠯᠡᠭᠦᠯᠵᠥ᠂  ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠥᠨ ᠰᠢᠨ᠎ᠡ ᠶᠢ ᠡᠭᠦᠳᠴᠥ᠂ ᠬᠦᠴᠥ ᠪᠠᠨ ᠬᠠᠮᠲᠤᠳᠬᠠᠨ ᠦᠷᠢᠰᠥᠯᠳᠥᠭᠡᠨ ᠢ ᠤᠭᠲᠤᠵᠤ᠂ ᠰᠠᠭᠠᠯᠢ ᠶᠢᠨ ᠦᠢᠯᠡᠰ ᠤᠨ ᠦᠨᠳᠥᠷ ᠶᠠᠰᠤ ᠴᠢᠨᠠᠷ ᠲᠠᠢ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠳᠡᠢ᠃         ᠬᠦᠨᠳᠡᠯᠡᠨ  ᠭᠤᠯᠳᠤ ᠠᠴᠠ ᠭᠠᠷ ᠤᠷᠤᠵᠤ᠂ ᠰᠠᠭᠤᠷᠢ ᠢ ᠲᠤᠭᠳᠠᠪᠤᠷᠢᠵᠢᠭᠤᠯᠤᠨ᠂ ᠬᠡᠯᠬᠢᠶᠡᠵᠢᠯ ᠢ ᠴᠢᠩᠭᠠᠳᠬᠠᠵᠤ᠂ ᠪᠦᠲᠥᠴᠡ ᠶᠢ  ᠰᠢᠯᠢᠳᠡᠭᠵᠢᠭᠦᠯᠥᠨ᠂ ᠦᠷ᠎ᠡ  ᠪᠦᠲᠥᠮᠵᠢ ᠶᠢ ᠳᠡᠭᠡᠭᠰᠢᠯᠡᠭᠦᠯᠬᠦ  ᠬᠡᠷᠡᠭᠳᠡᠢᠨᠢᠭᠡ ᠳᠤ᠂ ᠰᠠᠭᠤᠷᠢ ᠢ ᠲᠤᠭᠳᠠᠪᠤᠷᠢᠵᠢᠭᠤᠯᠤᠨ᠂ ᠰᠠᠭᠠᠯᠢ ᠶᠢᠨ ᠦᠢᠯᠡᠰ ᠤᠨ ᠬᠦᠭᠵᠢᠯᠳᠡ ᠶᠢᠨ ᠦᠨᠳᠥᠰᠥᠨ ᠰᠠᠭᠤᠷᠢ ᠶᠢ ᠪᠠᠬᠢᠵᠡᠭᠦᠯᠬᠦ ᠬᠡᠷᠡᠭᠳᠡᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠤᠯ ᠰᠠᠭᠠᠯᠢ ᠶᠢᠨ ᠦᠢᠯᠡᠰ ᠤᠨ ᠬᠦᠭᠵᠢᠯᠳᠡ ᠶᠢᠨ ᠰᠠᠭᠤᠷᠢ ᠪᠤᠯᠬᠤ ᠶᠤᠮ᠃2024 ᠤᠨ ᠤ ᠰᠠᠭᠠᠯᠢ ᠶᠢᠨ ᠦᠢᠯᠡᠰ ᠤᠨ ᠦᠢᠯᠡᠳᠪᠥᠷᠢᠯᠡᠯ ᠤᠨ ᠴᠢᠳᠠᠪᠤᠷᠢ   ᠢ ᠳᠡᠭᠡᠭᠰᠢᠯᠡᠭᠦᠯᠵᠥ ᠰᠢᠨ᠎ᠡ ᠰᠤᠷᠭᠤᠭ ᠰᠦ ᠶᠢᠨ ᠨᠡᠮᠡᠭᠳᠡᠯ ᠤᠨ ᠤᠷᠤᠯᠭ᠎ᠠ ᠶᠢᠨ ᠨᠦᠬᠦᠪᠥᠷᠢ ᠪᠤᠯᠤᠨ   ᠰᠦ ᠶᠢᠨ ᠲᠠᠯᠬ᠎ᠠ   ᠶᠢᠨ  ᠨᠦᠬᠦᠪᠥᠷᠢ   ᠶᠢ  ᠪᠦᠬᠦᠶᠢᠯᠡ ᠬᠤᠰᠢᠭᠤ ᠰᠢᠶᠠᠨ ᠢᠶᠠᠷ  ᠲᠦᠯᠬᠢᠨ ᠠᠬᠢᠭᠤᠯᠬᠤ ᠵᠡᠷᠭᠡ ᠡᠯ᠎ᠡ ᠲᠦᠷᠥᠯ ᠤᠨ ᠬᠦᠴᠢᠷᠳᠡᠯ ᠢ ᠬᠠᠷᠠᠭᠠᠯᠵᠠᠬᠤ ᠲᠦᠷᠥ ᠶᠢᠨ ᠪᠤᠳᠤᠯᠭ᠎ᠠ ᠶᠢ  ᠰᠠᠶᠢᠲᠤᠷ  ᠨᠠᠶᠢᠳᠠᠪᠤᠷᠢᠵᠢᠭᠤᠯᠬᠤ ᠬᠡᠷᠡᠭᠳᠡᠢ᠃         ᠲᠡᠵᠢᠭᠡᠨ ᠦᠷᠡᠵᠢᠭᠦᠯᠬᠦ ᠤᠷᠴᠢᠯ ᠳᠤ ᠠᠵᠤ ᠦᠢᠯᠡᠰ ᠤᠨ ᠰᠠᠭᠤᠷᠢ ᠲᠤᠭ᠎ᠠ ᠶᠢ ᠵᠤᠬᠢᠰᠳᠠᠢ  ᠡᠵᠡᠮᠳᠡᠬᠦ ᠶᠢ ᠵᠢᠯᠤᠭᠤᠳᠤᠨ ᠳᠠᠭᠠᠭᠤᠯᠵᠤ᠂ ᠰᠤᠬᠤᠷ ᠪᠠᠯᠠᠢ ᠪᠠᠷ ᠦᠷᠭᠡᠳᠭᠡᠬᠦ ᠠᠴᠠ ᠵᠠᠶᠢᠯᠠᠰᠬᠢᠬᠤ ᠬᠡᠷᠡᠭᠳᠡᠢ  ᠃ ᠪᠠᠶᠢᠭᠠᠯᠢᠯᠢᠭ ᠢᠶᠠᠷ ᠲᠡᠵᠢᠭᠡᠨ ᠦᠷᠡᠵᠢᠭᠦᠯᠬᠦ ᠶᠢ ᠬᠦᠭᠵᠢᠭᠦᠯᠬᠦ ᠪᠠᠷ ᠤᠳᠤᠷᠢᠳᠤᠨ ᠳᠠᠭᠠᠭᠤᠯᠵᠤ᠂ ᠶᠠᠰᠤ ᠴᠢᠨᠠᠷ᠂ ᠦᠷ᠎ᠡ ᠠᠰᠢᠭ ᠪᠤᠯᠤᠨ ᠦᠷᠢᠰᠥᠯᠳᠥᠬᠦ ᠬᠦᠴᠥᠨ ᠢ ᠳᠡᠭᠡᠭᠰᠢᠯᠡᠭᠦᠯᠬᠦ ᠪᠠᠷ ᠬᠠᠷᠠᠯᠳᠠ ᠪᠤᠯᠭᠠᠵᠤ᠂ ᠭᠤᠭᠴᠤᠭ᠎ᠠ ᠪᠦᠷᠢ ᠳᠤ ᠦᠷ᠎ᠡ ᠠᠰᠢᠭ ᠨᠡᠮᠡᠭᠳᠡᠭᠦᠯᠬᠦ ᠠᠷᠠᠴᠢᠯᠠᠨ ᠲᠡᠵᠢᠭᠡᠬᠦ ᠬᠡᠯᠪᠡᠷᠢ ᠶᠢ ᠳᠡᠯᠭᠡᠷᠡᠭᠦᠯᠥᠨ᠂ ᠰᠠᠭᠠᠯᠢ ᠶᠢᠨ ᠦᠢᠯᠡᠰ ᠡᠷᠬᠢᠯᠡᠭᠴᠢᠳ ᠢ ᠬᠠᠪᠰᠤᠷᠤᠨ  ᠬᠦᠴᠢᠷ ᠢ ᠲᠤᠭᠤᠯᠬᠤ ᠬᠡᠷᠡᠭᠳᠡᠢ᠃ ᠬᠤᠶᠠᠷ ᠲᠤ᠂ ᠬᠡᠯᠬᠢᠶᠡᠵᠢᠯ ᠢ ᠴᠢᠩᠭᠠᠳᠬᠠᠨ᠂ ᠠᠵᠤ ᠦᠢᠯᠡᠰ ᠤᠨ ᠬᠠᠮ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠡᠢ᠃  ᠲᠡᠵᠢᠭᠡᠨ ᠦᠷᠡᠵᠢᠭᠦᠯᠬᠦ ᠪᠤᠯᠤᠨ  ᠪᠤᠯᠪᠠᠰᠤᠷᠠᠭᠤᠯᠤᠨ ᠡᠳ᠋ᠰᠢᠭᠦᠯᠬᠦ ᠶᠢ ᠬᠤᠷᠰᠢᠬᠤ ᠨᠡᠩ  ᠲᠤᠭᠳᠠᠭᠤᠨ ᠬᠠᠷᠢᠴᠠᠭ᠎ᠠ ᠶᠢ ᠪᠠᠶᠢᠭᠤᠯᠤᠨ᠂ ᠬᠤᠳᠠᠯᠳᠤᠨ  ᠠᠪᠬᠤ ᠪᠤᠷᠤᠯᠠᠭᠤᠯᠬᠤ ᠨᠡᠯᠢᠶᠡᠳ ᠰᠠᠶᠢᠨ ᠡᠮᠬᠢ ᠲᠢᠭᠯᠢᠮ ᠢ ᠪᠤᠢ  ᠪᠤᠯᠭᠠᠵᠤ᠂ ᠲᠡᠵᠢᠭᠡᠨ ᠦᠷᠡᠵᠢᠭᠦᠯᠬᠦ ᠪᠤᠯᠪᠠᠰᠤᠷᠠᠭᠤᠯᠤᠨ ᠡᠳ᠋ᠰᠢᠭᠦᠯᠬᠦ   ᠶᠢ ᠨᠢᠭᠡ  ᠴᠣᠭᠴᠠᠵᠢᠭᠤᠯᠤᠨ ᠬᠦᠭᠵᠢᠭᠦᠯᠬᠦ ᠶᠢ ᠵᠤᠷᠢᠭᠵᠢᠭᠤᠯᠬᠤ ᠬᠡᠷᠡᠭᠳᠡᠢ᠃          ᠴᠠᠭᠠᠨ ᠢᠳᠡᠭᠡᠨ ᠤ ᠠᠵᠤ ᠠᠬᠤᠶᠢᠯᠠᠯ ᠤᠨ ᠬᠤᠳᠠᠯᠳᠤᠨ  ᠠᠪᠴᠤ ᠨᠡᠶᠢᠯᠡᠭᠦᠯᠬᠦ᠂ ᠬᠤᠪᠢ ᠤᠷᠤᠭᠤᠯᠬᠤ ᠵᠡᠷᠭᠡ ᠬᠡᠯᠪᠡᠷᠢ ᠪᠠᠷ ᠰᠦ ᠶᠢᠨ ᠢᠷᠡᠯᠳᠡ ᠶᠢᠨ ᠬᠠᠷᠢᠴᠠᠯ ᠢ ᠨᠡᠮᠡᠭᠳᠡᠭᠦᠯᠵᠥ ᠪᠠᠲᠤᠳᠠᠢ ᠡᠵᠡᠮᠳᠡᠬᠦ ᠶᠢ ᠵᠤᠷᠢᠭᠵᠢᠭᠤᠯᠬᠤ ᠬᠡᠷᠡᠭᠳᠡᠢ᠃ ᠳᠡᠯᠡᠬᠡᠢ ᠨᠡᠶᠢᠲᠡ   ᠶᠢᠨ ᠲᠤᠷᠰᠢᠯᠭ᠎ᠠ ᠰᠤᠷᠭᠠᠮᠵᠢ ᠪᠠᠷ ᠲᠤᠯᠢ ᠪᠤᠯᠭᠠᠨ᠂ ᠬᠢᠨᠠᠨ ᠰᠢᠯᠭᠠᠬᠤ ᠱᠠᠭᠠᠷᠳᠠᠯᠭ᠎ᠠ ᠶᠢ ᠴᠢᠩᠭᠠᠳᠬᠠᠨ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠭᠰᠠᠨ ᠤᠷᠢᠳᠥᠯ ᠳᠤᠤᠷ᠎ᠠ᠂ ᠵᠢᠵᠢᠭ ᠬᠡᠯᠪᠡᠷᠢ ᠶᠢᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠰᠢᠨ᠎ᠡ ᠰᠤᠷᠭᠤᠭ ᠰᠦ᠂ ᠡᠭᠡᠳᠡᠭᠰᠡᠨ ᠰᠦ ᠵᠡᠷᠭᠡ ᠲᠤᠤᠷ᠎ᠠ ᠲᠤᠯᠠᠭᠠᠨ ᠢᠶᠠᠷ ᠪᠤᠯᠪᠠᠰᠤᠷᠠᠭᠤᠯᠤᠨ ᠡᠳ᠋ᠰᠢᠭᠦᠯᠵᠥ  ᠬᠠᠳᠠᠭᠠᠯᠵᠤ ᠪᠤᠯᠬᠤ ᠬᠢᠮᠳᠠ ᠦᠢᠯᠡᠳᠬᠦᠨ   ᠦᠢᠯᠡᠳᠪᠥᠷᠢᠯᠡᠵᠥ᠂ ᠲᠤᠰ ᠭᠠᠵᠠᠷ ᠳᠠᠭᠠᠨ ᠪᠤᠯᠪᠠᠰᠤᠷᠠᠭᠤᠯᠤᠨ  ᠡᠳ᠋ᠰᠢᠭᠦᠯᠵᠥ᠂  ᠲᠡᠷᠡ ᠳᠠᠷᠤᠢ ᠳᠤᠨᠢ  ᠬᠦᠷᠭᠡᠨ ᠪᠤᠷᠤᠯᠠᠭᠤᠯᠬᠤ ᠶᠢ ᠵᠦᠪᠰᠢᠶᠡᠷᠡᠵᠥ᠂  ᠨᠡᠩ ᠤᠯᠠᠨ  ᠬᠦᠮᠥᠨ ᠬᠢᠮᠳᠡ ᠰᠦ  ᠤᠯᠵᠤ  ᠤᠤᠭᠤᠬᠤ   ᠶᠢ ᠪᠠᠲᠤᠯᠠᠬᠤ ᠬᠡᠷᠡᠭᠳᠡᠢ᠃         ᠠᠳᠡ ᠪᠢ ᠤᠨᠴᠠᠭᠠᠶᠢᠯᠠᠨ ᠴᠢᠩᠭᠠᠳᠬᠠᠬᠤ ᠨᠢ ᠴᠠᠭᠠᠨ ᠢᠳᠡᠭᠡᠨ ᠤ ᠠᠵᠤ ᠠᠬᠤᠶᠢᠯᠠᠯ᠂ ᠢᠯᠠᠩᠭᠤᠶ᠎ᠠ ᠴᠠᠭᠠᠨ ᠢᠳᠡᠭᠡᠨ ᠤ ᠬᠦᠴᠥᠷᠬᠡᠭ 20 ᠠᠵᠤ ᠠᠬᠤᠶᠢᠯᠠᠯ ᠨᠢ ᠬᠤᠯᠪᠤᠭᠠᠯᠠᠨ ᠲᠠᠶᠢᠴᠢᠯᠠᠬᠤ ᠦᠢᠯᠡᠳᠥᠯ ᠢᠶᠠᠨ  ᠦᠨᠡᠨᠬᠦ ᠪᠠᠳᠠᠷᠠᠭᠤᠯᠵᠤ ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠬᠡᠮᠵᠢᠶᠡᠳᠡᠢ  ᠬᠤᠳᠠᠯᠳᠤᠨ ᠠᠪᠬᠤ᠂ ᠬᠤᠳᠠᠯᠳᠤᠨ ᠠᠪᠬᠤ ᠦᠭᠡᠢ ᠠᠴᠠ ᠪᠤᠯᠤᠭᠠᠳ ᠰᠦ ᠶᠢ ᠬᠠᠶᠠᠵᠤ ᠰᠦᠢᠳᠭᠡᠬᠦ ᠠᠴᠠ ᠡᠷᠡᠰ ᠵᠠᠶᠢᠯᠠᠰᠬᠢᠬᠤ ᠬᠡᠷᠡᠭᠳᠡᠢ᠃         ᠭᠤᠷᠪᠠ ᠳᠤ᠂ ᠪᠦᠲᠥᠴᠡ ᠶᠢ ᠰᠢᠯᠢᠳᠡᠭᠵᠢᠭᠦᠯᠵᠥ᠂ ᠬᠢᠮᠳᠠ  ᠦᠨ᠎ᠡ ᠶᠢᠨ ᠰᠢᠩᠭᠡᠨ ᠰᠦ   ᠶᠢᠨ ᠲᠦᠷᠥᠯ ᠪᠤᠯᠤᠨ  ᠬᠠᠲᠠᠭᠠᠮᠠᠯ ᠴᠠᠭᠠᠨ ᠢᠳᠡᠭᠡᠨ ᠤ ᠲᠦᠷᠥᠯ ᠤᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠳᠡᠢ᠃ ᠰᠢᠨ᠎ᠡ ᠰᠤᠷᠭᠤᠭ ᠰᠦ ᠶᠢ ᠬᠡᠷᠡᠭᠯᠡᠨ ᠪᠠ ᠤᠪᠤᠭᠳᠤ ᠶᠢᠨ ᠪᠠᠺᠲ᠋ᠧᠷᠢ ᠦᠭᠡᠶᠢᠳᠥᠭᠦᠯᠥᠭᠰᠡᠨ ᠰᠦ  ᠂ ᠪᠠᠺᠲ᠋ᠧᠷᠢ ᠶᠢ ᠨᠢ ᠤᠰᠠᠳᠬᠠᠭᠰᠨ ᠰᠦ᠂ ᠦᠨᠳᠥᠷ ᠲᠤᠯᠠᠭᠠᠴᠠ ᠪᠠᠷ ᠪᠠᠺᠲ᠋ᠧᠷᠢ ᠦᠭᠡᠶᠢᠳᠥᠭᠦᠯᠥᠭᠰᠡᠨ ᠰᠦ ᠦᠢᠯᠡᠳᠪᠥᠷᠢᠯᠡᠬᠦ ᠶᠢ ᠵᠤᠷᠢᠭᠵᠢᠭᠤᠯᠵᠤ᠂ ᠲᠤᠬᠢᠷᠠᠭᠰᠠᠨ ᠬᠠᠷᠢᠴᠠᠯ  ᠢᠶᠠᠷ ᠬᠢᠮᠳᠠ ᠦᠨ᠎ᠡ ᠪᠠᠷ ᠪᠤᠷᠤᠯᠠᠭᠤᠯᠬᠤ ᠶᠢ ᠪᠠᠷᠢᠮᠳᠠᠯᠠᠨ᠂ ᠰᠢᠮ᠎ᠡ ᠲᠡᠵᠢᠭᠡᠯ ᠤᠨ ᠠᠮᠤᠷ ᠲᠦᠪᠰᠢᠨ ᠢ ᠲᠤᠪᠤᠶᠢᠯᠭᠠᠨ ᠠᠳᠬᠤᠬᠤ ᠬᠡᠷᠡᠭᠳᠡᠢ᠃         ᠠᠵᠤ ᠠᠬᠤᠶᠢᠯᠠᠯ ᠤᠨ ᠬᠠᠳᠠᠭᠠᠮᠠᠯ ᠴᠠᠭᠠᠨ ᠢᠳᠡᠭᠡᠨ ᠤ ᠦᠢᠯᠡᠳᠪᠥᠷᠢᠯᠡᠯ ᠤᠨ ᠱᠤᠭᠤᠮ ᠢᠶᠠᠨ ᠦᠷᠭᠡᠳᠭᠡᠬᠦ ᠶᠢ ᠵᠤᠷᠢᠭᠵᠢᠭᠤᠯᠵᠤ᠂ ᠤᠯᠤᠰ ᠤᠨ ᠳᠤᠳᠤᠭᠠᠳᠤ ᠶᠢᠨ  ᠬᠦᠮᠥᠰ ᠤᠨ  ᠠᠮᠲᠠ ᠳᠤ ᠲᠤᠬᠢᠷᠠᠭᠰᠠᠨ ᠰᠦ ᠶᠢᠨ ᠲᠦᠷᠥᠯ ᠤᠨ ᠰᠤᠯᠠ ᠢᠳᠡᠭᠡᠨ ᠢ ᠢᠯᠡᠭᠦᠬᠡᠨ ᠰᠤᠳᠤᠯᠤᠨ ᠦᠢᠯᠡᠳᠪᠥᠷᠢᠯᠡᠬᠦ ᠬᠡᠷᠡᠭᠳᠡᠢ᠃ ᠤᠯᠠᠮᠵᠢᠯᠠᠯᠳᠤ ᠤᠨᠴᠠᠯᠢᠭᠳᠤ ᠴᠠᠭᠠᠨ ᠢᠳᠡᠭᠡᠨ ᠢ ᠶᠡᠬᠡᠪᠡᠷ  ᠠᠭᠤᠳᠠᠯᠯᠠᠨ  ᠨᠡᠬᠡᠭᠡᠵᠥ᠂ ᠤᠯᠠᠨ ᠬᠡᠯᠪᠡᠷᠢᠵᠢᠭᠰᠡᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠦᠭᠡᠢ᠂ ᠰᠦ ᠶᠢᠨ ᠢᠷᠡᠯᠳᠡ ᠢᠯᠡᠭᠦᠳᠡᠬᠦ ᠦᠶ᠎ᠡ ᠳᠤ ᠦᠢᠯᠡᠳᠥᠯ ᠢ ᠨᠢ ᠪᠠᠳᠠᠷᠠᠭᠤᠯᠬᠤ ᠬᠡᠷᠡᠭᠳᠡᠢ᠃         ᠴᠠᠭᠠᠨ ᠢᠳᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠵᠠᠭᠤᠴᠢᠯᠠᠭᠤᠷ ᠤᠨ ᠦᠢᠯᠡᠳᠥᠯ ᠢ ᠠᠰᠢᠭᠯᠠᠨ᠂ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠥ᠂᠂『 ᠰᠢᠨᠵᠢᠯᠡᠬᠦ ᠤᠬᠠᠭᠠᠨᠴᠢ ᠪᠠᠷ ᠰᠦ ᠤᠤᠭᠤᠵᠤ᠂ ᠡᠷᠡᠭᠦᠯ ᠴᠢᠬᠢᠷᠠᠭ ᠢᠶᠠᠷ ᠬᠡᠷᠡᠭᠯᠡᠬᠦ』 ᠤᠬᠠᠭᠠᠨ ᠢ ᠬᠦᠮᠥᠰ ᠤᠨ ᠰᠡᠳᠬᠢᠯ ᠳᠤ ᠰᠠᠭᠤᠭᠳᠠᠭᠤᠯᠬᠤ ᠬᠡᠷᠡᠭᠳᠡᠢ᠃         ᠲᠦᠷᠪᠡ ᠳᠤ᠂ ᠦᠷ᠎ᠡ ᠪᠦᠲᠥᠮᠵᠢ ᠶᠢ ᠳᠡᠭᠡᠭᠰᠢᠯᠡᠭᠦᠯᠵᠥ᠂ ᠰᠠᠭᠠᠯᠢ ᠶᠢᠨ ᠦᠢᠯᠡᠰ ᠤᠨ ᠦᠷᠢᠰᠥᠯᠳᠥᠬᠦ ᠬᠦᠴᠥᠨ   ᠤ ᠨᠡᠮᠡᠭᠳᠡᠯ ᠢ ᠲᠦᠷᠭᠡᠳᠭᠡᠬᠦ ᠬᠡᠷᠡᠭᠳᠡᠢ᠃ ᠰᠠᠭᠠᠯᠢ ᠶᠢᠨ ᠦᠢᠯᠡᠰ ᠪᠤᠯ ᠳᠡᠭᠡᠳᠥ ᠬᠡᠮᠵᠢᠶ᠎ᠡ ᠪᠠᠷ ᠨᠡᠬᠡᠭᠡᠭᠰᠡᠨ ᠠᠵᠤ ᠦᠢᠯᠡᠰ ᠪᠤᠯᠬᠤ ᠶᠤᠮ᠃ ᠪᠢᠳᠠ ᠡᠷᠬᠡᠪᠰᠢ ᠲᠠᠳᠠᠨ ᠤᠷᠤᠭᠤᠯᠬᠤ ᠬᠡᠷᠡᠭᠳᠡᠢ ᠮᠦᠷᠳᠡᠭᠡᠨ ᠪᠠᠰᠠ  ᠭᠠᠳᠠᠭᠰᠢ  ᠭᠠᠷᠭᠠᠬᠤ ᠶᠢ  ᠰᠦᠪᠡᠭᠴᠢᠯᠡᠵᠥ᠂ ᠰᠠᠭᠠᠯᠢ ᠶᠢᠨ ᠦᠢᠯᠡᠰ ᠤᠨ ᠦᠨᠳᠥᠷ ᠶᠠᠰᠤ ᠴᠢᠨᠠᠷ ᠲᠠᠢ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠳᠡᠢ᠃         ᠰᠢᠩᠭᠡᠨ ᠰᠦ ᠶᠢᠨ ᠲᠦᠷᠥᠯ ᠤᠨ ᠤᠯᠤᠰ ᠤᠨ ᠪᠠᠷᠢᠮᠵᠢᠶ᠎ᠠ ᠶᠢᠨ ᠰᠢᠨ᠎ᠡ ᠲᠦᠷᠢᠮ   ᠢ ᠨᠡᠶᠢᠲᠡᠯᠡᠬᠦ ᠶᠢ ᠲᠦᠷᠭᠡᠳᠬᠡᠵᠥ᠂ ᠤᠷᠤᠨ ᠨᠤᠲᠤᠭ ᠤᠨ ᠰᠦ ᠶᠢᠨ ᠢᠷᠡᠯᠳᠡ ᠶᠢᠨ ᠰᠢᠨ᠎ᠡ ᠰᠤᠷᠭᠤᠭ  ᠳᠠᠪᠠᠭᠤᠯᠢᠭ ᠢ ᠳᠤᠪᠤᠶᠢᠯᠭᠠᠵᠤ᠂ ᠤᠯᠤᠰ ᠤᠨ ᠳᠤᠳᠤᠭᠠᠳᠤ ᠶᠢᠨ ᠰᠠᠭᠠᠯᠢ ᠶᠢᠨ ᠦᠢᠯᠡᠰ ᠤᠨ ᠦᠷᠢᠰᠥᠯᠳᠥᠬᠦ ᠬᠦᠴᠥᠨ ᠢ ᠨᠡᠮᠡᠭᠳᠡᠭᠦᠯᠬᠦ ᠬᠡᠷᠡᠭᠳᠡᠢ᠃          ᠲᠤᠰ ᠤᠳᠠᠭᠠᠨ ᠤ ᠬᠤᠷᠠᠯ ᠢᠶᠠᠷ ᠴᠠᠭ  ᠲᠤᠬᠢᠶᠠᠯ ᠪᠤᠯᠭᠠᠵᠤ᠂ ᠪᠦᠬᠦᠳᠡᠭᠡᠷ ᠢᠶᠠᠨ  ᠪᠦᠯᠬᠦᠮᠳᠡᠨ ᠬᠠᠪᠰᠤᠷᠤᠯᠴᠠᠵᠤ᠂ ᠰᠠᠭᠠᠯᠢ ᠶᠢᠨ ᠦᠢᠯᠡᠰ ᠤᠨ ᠦᠢᠯᠡᠳᠪᠥᠷᠢᠯᠡᠯ ᠤᠨ ᠪᠠᠷᠢᠮᠵᠢᠶᠠᠵᠢᠭᠰᠠᠨ᠂ ᠦᠢᠯᠡᠳᠬᠦᠨ   ᠤ ᠰᠢᠯᠢᠳᠡᠭᠵᠢᠭᠰᠡᠨ᠂ ᠬᠠᠩᠭᠠᠯᠭ᠎ᠠ ᠶᠢᠨ ᠤᠯᠠᠨ ᠲᠠᠯᠠᠵᠢᠭᠰᠠᠨ᠂ ᠠᠵᠤ ᠦᠢᠯᠡᠰ ᠤᠨ ᠨᠢᠭᠡ ᠴᠤᠭᠴᠠᠵᠢᠭᠰᠠᠨ ᠬᠦᠭᠵᠢᠯᠳᠡ ᠶᠢ  ᠬᠠᠮᠲᠤᠪᠡᠷ ᠲᠦᠯᠬᠢᠨ  ᠠᠬᠢᠭᠤᠯᠬᠤ   ᠶᠢ ᠬᠦᠰᠡᠵᠥ  ᠪᠠᠶᠢᠨ᠎ᠠ᠃  ᠠᠵᠤ ᠠᠬᠤᠶᠢᠯᠠᠯᠳᠠᠨ ᠨᠠᠷ ᠤᠨ ᠲᠤᠭᠳᠠᠭᠤᠨ ᠤ ᠲᠤᠮᠳᠠ ᠤᠷᠤᠭᠰᠢᠯᠡᠨ᠂ ᠰᠢᠨ᠎ᠡ ᠶᠢ ᠡᠭᠦᠳᠥᠨ ᠬᠦᠭᠵᠢᠬᠦ ᠶᠢ ᠵᠢᠯᠤᠭᠤᠳᠤᠨ ᠳᠠᠭᠠᠭᠤᠯᠵᠤ᠂ ᠮᠠᠨ ᠤ ᠤᠯᠤᠰ ᠤᠨ ᠰᠠᠭᠠᠯᠢ ᠶᠢᠨ ᠦᠢᠯᠡᠰ ᠤᠨ ᠦᠨᠳᠥᠷ ᠶᠠᠰᠤ ᠴᠢᠨᠠᠷ ᠲᠠᠢ ᠬᠦᠭᠵᠢᠬᠦ   ᠶᠢ ᠲᠦᠯᠬᠢᠨ ᠠᠬᠢᠭᠤᠯᠬᠤ ᠳᠤ  ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ  ᠬᠦᠰᠡᠵᠥ ᠪᠠᠶᠢᠨ᠎ᠠ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号