ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠳᠠᠨ ᠠᠵᠢᠯᠴᠢᠳ ᠤᠨ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠮᠠᠨ ᠤ ᠬᠤᠰᠢᠭᠤᠨ ᠳᠤ ᠢᠷᠡᠪᠡ
ᠨᠡᠶᠢᠲᠡᠯᠡᠭᠰᠡᠨ ᠴᠠᠭ᠄
2024/7/16
        7 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠠᠵᠢᠯᠴᠢᠳ ᠤᠨ ᠤᠯᠠᠭᠠᠨᠮᠥ᠋ᠴᠢᠷ ᠤᠨ ᠪᠦᠯᠬᠦᠮ ᠮᠠᠨ ᠤ ᠬᠤᠰᠢᠭᠤᠨ ᠳᠤ ᠢᠷᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠭᠠᠷᠭᠠᠪᠠ᠃ ᠮᠠᠨ ᠤ ᠬᠤᠰᠢᠭᠤᠨ ᠤ ᠬᠥᠳᠡᠯᠮᠦᠷᠢ ᠶᠢᠨ ᠵᠢᠱᠢᠶᠡᠴᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠲᠥᠯᠥᠭᠡᠯᠡᠭᠴᠢ ᠪᠤᠯᠤᠨ ᠨᠡᠶᠢᠭᠡᠮ ᠲᠣᠭᠤᠷᠢᠭ ᠤᠨ ᠣᠯᠠᠨ ᠲᠦᠮᠡᠨ ᠵᠡᠷᠭᠡ 400 ᠭᠠᠷᠤᠶ ᠬᠥᠮᠦᠨ ᠲᠣᠭᠯᠠᠯᠲᠠ ᠶᠢ ᠰᠣᠨᠢᠷᠬᠠᠪᠠ᠃         ᠲᠣᠰ ᠤᠳᠠᠭᠠᠨ ᠤ ᠲᠣᠬᠤᠨᠢᠭᠤᠯᠬᠤ ᠲᠣᠭᠯᠠᠯᠲᠠ ᠨᠢ ᠬᠥᠳᠡᠯᠮᠦᠷᠢ ᠪᠤᠯᠤᠨ ᠬᠦᠳᠡᠯᠮᠦᠷᠢᠴᠢᠳ ᠢ ᠮᠠᠭᠲᠠᠨ ᠳᠠᠭᠤᠯᠠᠵᠤ᠂ ᠬᠥᠳᠡᠯᠮᠦᠷᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠠᠵᠢᠯᠴᠢᠳ ᠤᠨ ᠬᠠᠶᠢᠷ᠎ᠠ ᠬᠠᠯᠠᠮᠵᠢ ᠶᠢ ᠦᠨᠳᠦᠰᠦᠨ ᠱᠠᠲᠤ ᠪᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠭᠡᠨ᠂ ᠮᠠᠨ ᠤ ᠬᠤᠰᠢᠭᠤᠨ ᠤ ᠥᠷᠭᠡᠨ ᠣᠯᠠᠨ ᠠᠵᠢᠯᠲᠠᠨ ᠠᠵᠢᠯᠴᠢᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠠᠵᠢᠯ ᠤᠨ ᠪᠠᠶᠢᠷᠢ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠨᠢ ᠤᠯᠠᠮ ᠬᠦᠪᠴᠢᠯᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号