ᠤᠯᠤᠰ ᠲᠦᠷᠥ ᠶᠢᠨ ᠵᠦᠪᠯᠡᠯᠭᠡᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠬᠠᠮᠲᠤᠷᠠᠨ ᠠᠵᠢᠯᠯᠠᠬᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/18
        7 ᠰᠠᠷ᠎ᠠ ᠶᠢᠨ 16 ᠤ ᠡᠳᠦᠷ᠂ ︽ᠤᠯᠤᠰ ᠲᠥᠷᠥ ᠶᠢᠨ ᠵᠥᠪᠯᠡᠯᠭᠡᠨ ᠪᠣᠯᠣᠨ ᠰᠢᠭᠦᠬᠦ ᠬᠤᠷᠢᠶ᠎ᠠ︾᠂ ︽ᠤᠯᠤᠰ ᠲᠥᠷᠥ ᠶᠢᠨ ᠵᠥᠪᠯᠡᠯᠭᠡᠨ ᠪᠣᠯᠣᠨ ᠪᠠᠶᠢᠴᠠᠭᠠᠬᠤ ᠬᠤᠷᠢᠶ᠎ᠠ︾ ᠶᠢᠨ ᠬᠠᠮᠲᠤᠷᠠᠨ ᠠᠵᠢᠯᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ ᠬᠤᠷᠠᠯ ᠡᠷᠭᠢᠯᠡᠪᠡ᠃         ᠬᠤᠷᠠᠯ ᠠᠴᠠ᠂ ᠬᠤᠶᠠᠷ ᠵᠦᠶ᠋ᠯ ᠤᠨ ᠠᠵᠢᠯ ᠤᠨ ᠲᠣᠭᠲᠠᠴᠠ ᠶᠢᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶ᠋ᠯᠡ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠭᠦᠨᠵᠡᠭᠡᠶ ᠠᠭᠤᠰᠤᠯᠴᠠᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠬᠠᠮᠲᠤᠷᠠᠨ ᠠᠵᠢᠯᠯᠠᠬᠤ ᠠᠵᠢᠯ ᠤᠨ ᠲᠣᠭᠲᠠᠴᠠ ᠶᠢᠨ ᠦᠶ᠋ᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠶ᠋ᠯᠡᠴᠢᠯᠡᠵᠦ᠂ ︽ᠠᠮᠤᠷ ᠠᠮᠤᠭᠤᠯᠠᠩ ᠣᠩᠨᠢᠭᠤᠳ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ᠃        ᠬᠤᠷᠠᠯ ᠳᠡᠭᠡᠷ᠎ᠡ᠂ ᠬᠤᠰᠢᠭᠤᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠠᠴᠠ ᠬᠠᠮᠲᠤᠷᠠᠨ ᠠᠵᠢᠯᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠣᠰ ᠲᠣᠰ ᠬᠠᠷᠢᠭᠤ ᠮᠡᠳᠡᠭᠦᠯᠦᠭᠰᠡᠨ ᠪᠥᠭᠡᠳ ᠰᠢᠨ᠎ᠡ ᠪᠠᠷ ᠤᠷᠢᠭᠰᠠᠨ ᠤᠯᠤᠰ ᠲᠥᠷᠥ ᠶᠢᠨ ᠵᠥᠪᠯᠡᠯᠭᠡᠨ ᠤ 4 ᠭᠡᠰᠢᠭᠦᠳ ᠲᠤ ᠦᠨᠡᠮᠯᠡᠯ ᠣᠯᠭᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号