ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/7/18
        7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠸᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠢᠷᠡᠵᠦ ︽ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠪᠠ ︽ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢᠨ ᠭᠠᠷᠤᠯᠲᠠ ᠶᠢ ᠨᠡᠮᠡᠭᠳᠡᠭᠦᠯᠥᠨ ᠥᠷᠲᠡᠭ ᠢ ᠨᠡᠮᠡᠭᠳᠡᠭᠦᠯᠬᠦ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ︾ ᠲᠤᠬᠠᠢ ᠵᠥᠪᠯᠡᠬᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠨ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠮᠡᠨᠳᠦ ᠬᠤᠨᠢᠨ ᠤ ᠦᠢᠯᠡᠰ ᠤᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠥᠩ ᠯᠢᠶᠠᠩ ᠵᠢᠶᠠ ᠵᠢᠶᠠ ᠺᠠᠩ ᠤᠨ ᠤᠯᠠᠭᠠᠨᠬᠠᠳᠠ ᠳᠠᠬᠢ ᠬᠢᠵᠠᠭᠠᠷᠲᠤ ᠺᠣᠮᠫᠠᠨᠢ᠂ ᠠᠨ ᠴᠢ ᠢᠰᠭᠡᠭᠦᠷ ᠤᠨ ᠤᠯᠠᠭᠠᠨᠬᠠᠳᠠ ᠳᠠᠬᠢ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠢᠩ ᠶᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠬᠦ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃         ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠯᠠᠩ ᠤᠨ ᠮᠠᠰᠢᠨᠴᠢᠯᠠᠯᠲᠠ᠂ ᠤᠶᠤᠨᠴᠢᠯᠠᠯᠲᠠ ᠶᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠳᠬᠦᠨ ᠤ ᠨᠡᠮᠡᠯᠲᠡ ᠦᠷᠳᠡᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠨᠡᠩ ᠤᠯᠠᠨ ᠦᠷ᠎ᠡ ᠪᠦᠲᠦᠭᠡᠯ ᠢᠶᠠᠷ ᠥᠷᠭᠡᠨ ᠤᠯᠠᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠬᠡᠷᠡᠭᠳᠡᠢ᠃ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠨᠡᠶᠢᠳᠬᠡᠵᠦ᠂ ᠭᠡᠰᠢᠭᠦᠳ ᠢ ᠵᠣᠬᠢᠶᠠᠨ ᠪᠠᠶᠢᠭᠤᠯᠤᠨ ᠵᠥᠪᠯᠡᠯᠭᠡ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号