ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 121 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/18
       7 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 121 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠾᠧᠦ ᠭᠦᠸᠧ ᠵᠢᠩ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠵᠠᠩ ᠵᠢᠦ ᠫᠥᠸᠧ᠂ ᠳ᠋ᠦᠩ ᠵᠢᠦ ᠪᠢᠩ ᠬᠤᠷᠠᠯ ᠳᠤ ᠣᠷᠣᠯᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠦᠭᠵᠢᠯᠲᠤ ᠨᠠᠷ ᠬᠤᠷᠠᠯ ᠳᠤ ᠰᠤᠯᠠ ᠤᠷᠤᠯᠴᠠᠪᠠ         ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ︔ ︽ᠣᠩᠨᠢᠭᠤᠳ ᠬᠤᠰᠢᠭᠤᠨ ᠤ ᠬᠡᠷᠡᠭ ᠵᠦᠪᠯᠡᠨ ᠵᠣᠬᠢᠴᠠᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠣᠩᠨᠢᠭᠤᠳ ᠬᠤᠰᠢᠭᠤᠨ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠪᠡᠶᠡᠯᠡᠭᠦᠯᠡᠭᠡ ᠦᠭᠡᠢ ᠵᠦᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠥᠬᠦ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠭᠡᠯ᠂ ᠪᠥᠬᠦ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢ ᠬᠢᠨᠠᠨ ᠵᠦᠪᠯᠡᠵᠥ ᠪᠠᠲᠤᠯᠠᠪᠠ᠃ ᠬᠤᠰᠢᠭᠤᠨ ᠲᠠᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢ ᠪᠠᠲᠤᠯᠠᠨ ᠲᠠᠨᠢᠯᠴᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠬᠡᠰᠡᠭ ᠺᠠᠳ᠋ᠷ ᠤᠨ ᠲᠤᠷᠰᠢᠨ ᠬᠡᠷᠡᠭᠯᠡᠬᠦ ᠬᠤᠭᠤᠴᠠᠭ᠎ᠠ ᠨᠢ ᠳᠠᠭᠤᠰᠴᠤ ᠵᠢᠩᠬᠢᠨᠡᠴᠢᠯᠡᠬᠦ ᠪᠠᠷ ᠰᠢᠨᠵᠢᠯᠡᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠢᠴᠢ ᠬᠡᠰᠡᠭ ᠠᠯᠪᠠᠲᠠᠨ ᠤ ᠲᠤᠰᠢᠶᠠᠯ ᠤᠨ ᠲᠠᠰ ᠳᠡᠪᠰᠢᠬᠦ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠪᠠᠲᠤᠯᠠᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠴᠠᠭ ᠠᠭᠤᠷ ᠤᠨ ᠪᠠᠶᠢᠳᠠᠯ ᠨᠢᠭᠡᠨᠳᠡ ᠦᠶᠡᠷ ᠤᠰᠤᠳᠤᠯ ᠤᠨ ᠬᠤᠭᠤᠴᠠᠭᠠᠨ ᠳᠤ ᠣᠷᠣᠵᠤ᠂ ᠬᠤᠷ᠎ᠠ ᠲᠣᠨᠣᠳᠠᠰᠤ ᠠᠭᠠᠵᠢᠮ ᠢᠶᠠᠷ ᠨᠡᠮᠡᠭᠳᠡᠵᠦ ᠪᠠᠶᠢᠨ᠎ᠠ᠂᠂ ᠴᠠᠭ ᠠᠭᠤᠷ ᠤᠨ ᠰᠠᠯᠠᠭ᠎ᠠ ᠮᠦᠴᠢᠷ ᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠭᠠᠵᠠᠷ ᠬᠦᠷᠥᠰᠥᠨ ᠤ ᠭᠠᠶ ᠭᠠᠮᠰᠢᠭ ᠤᠨ ᠳᠠᠯᠳᠠ ᠬᠡᠮ᠂ ᠬᠤᠲᠠ ᠲᠣᠭᠤᠷᠢᠭ ᠲᠤ ᠤᠰᠤᠲᠤᠯ ᠡᠭᠦᠰᠬᠦ᠂ ᠤᠰᠤᠨ ᠴᠥᠭᠦᠷᠥᠮ ᠤᠨ ᠬᠠᠰᠢᠯᠭ᠎ᠠ᠂ ᠬᠥᠭᠦᠷᠭᠡ ᠶᠢᠨ ᠭᠤᠯᠳᠤᠩ ᠬᠦᠨᠳᠡᠢ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ ᠪᠠᠷᠢᠯᠭ᠎ᠠ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠳᠡᠢ᠂᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠵᠦ᠂ ᠡᠷᠡᠰ ᠰᠢᠭᠤᠷᠬᠠᠶ ᠪᠠᠷ ᠰᠢᠢᠳᠪᠥᠷᠢᠯᠡᠨ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠨ᠂ ᠠᠵᠢᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠤᠯᠠᠨ ᠲᠦᠮᠡᠨ ᠤ ᠦᠶᠡᠷ ᠢ ᠰᠡᠷᠭᠡᠶᠢᠯᠡᠬᠦ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠥ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠪᠦᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠡᠢ᠃         ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠣᠩᠨᠢᠭᠤᠳ ᠬᠤᠰᠢᠭᠤᠨ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ︾ ᠳᠤ ᠵᠢᠭᠠᠵᠤ ᠭᠠᠷᠭᠠᠭᠰᠠᠨ 4 ᠲᠠᠯ᠎ᠠ ᠶᠢᠨ 14 ᠲᠥᠷᠥᠯ ᠤᠨ ᠪᠣᠳᠠᠲᠠᠶ ᠠᠰᠠᠭᠤᠳᠠᠯ ᠲᠠᠢ ᠬᠠᠷᠢᠴᠠᠭᠤᠯᠤᠨ᠂ ᠮᠠᠨ ᠤ ᠬᠤᠰᠢᠭᠤᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠨᠠᠷᠢᠨ ᠲᠠᠩᠰᠠ︾ ᠶᠢ ᠱᠠᠯᠠᠪᠳᠠᠨ ᠪᠦᠷᠢᠳᠬᠡᠵᠥ᠂ ᠡᠯ᠎ᠡ ᠵᠦᠢᠯ ᠤᠨ ᠠᠵᠢᠯ ᠢ ᠤᠷᠤᠭᠰᠢ ᠠᠬᠢᠭᠤᠯᠤᠨ᠂ ᠪᠤᠳᠠᠳᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠪᠡ᠃         ᠬᠤᠷᠠᠯ ᠠᠴᠠ ᠱᠠᠭᠠᠷᠳᠠᠭᠰᠠᠨ ᠨᠢ᠂ ᠠᠷᠠᠯᠵᠢᠶ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠷ ᠭᠦᠢᠴᠡᠳᠬᠡᠯ ᠤᠨ ᠶᠠᠪᠤᠴᠠ ᠶᠢ ᠴᠣᠮᠬᠠᠳᠬᠠᠵᠤ᠂ ᠠᠵᠤ ᠠᠬᠤᠶᠢᠯᠠᠯ ᠢ ᠳᠤᠲᠠᠭᠤ ᠭᠦᠶᠥᠯᠭᠡᠨ᠂ ᠠᠵᠢᠯ ᠶᠠᠪᠤᠳᠠᠯ ᠡᠷᠬᠢᠯᠡᠬᠦ ᠳᠤ ᠳᠦᠭᠦᠮ ᠪᠣᠯᠭᠠᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠬᠦ ᠶᠢ ᠬᠦᠳᠦᠯᠦᠨ ᠵᠢᠯᠣᠭᠤᠳᠴᠤ᠂ ᠬᠥᠭᠵᠢᠯᠲᠡ ᠶᠢᠨ ᠲᠣᠬᠢᠶᠠᠯ ᠢ ᠠᠮᠵᠢᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠠᠵᠢᠯᠯᠠᠭᠠᠨ ᠤ ᠲᠠᠯᠠᠪᠤᠷ ᠲᠤ ᠢᠳᠡᠪᠬᠢᠲᠡᠢ ᠣᠷᠣᠯᠴᠠᠵᠤ᠂ ᠡᠯᠡᠰᠦ ᠶᠢ ᠰᠡᠷᠭᠡᠶᠢᠯᠡᠨ ᠵᠠᠰᠠᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠳᠪᠦᠷᠢ ᠶᠢ ᠬᠥᠭᠵᠢᠭᠦᠯᠬᠦ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ ᠡᠭᠦᠷᠭᠡᠯᠡᠯ ᠲᠠᠢ᠂ ᠵᠢᠳᠬᠦᠯ ᠴᠢᠷᠮᠠᠶᠢᠯᠭ᠎ᠠ ᠲᠠᠢ ᠪᠠᠶᠢᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢ ᠨᠡᠮᠡᠭᠳᠡᠭᠦᠯᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ         ᠬᠤᠷᠠᠯ ᠠᠴᠠ᠂ ︽ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠦᠨ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ︾ ᠬᠠᠷᠠᠯᠲᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠶᠢ ᠪᠠᠲᠤᠳᠬᠠᠬᠤ᠂ ᠬᠦᠷᠥᠯᠴᠡᠬᠦ ᠦᠭᠡᠢ ᠲᠠᠯ᠎ᠠ ᠶᠢ ᠨᠥᠬᠦᠪᠥᠷᠢᠯᠡᠬᠦ᠂ ᠠᠯᠤᠰ ᠬᠡᠳᠦ ᠳᠤ ᠠᠰᠢᠭᠲᠠᠢ ᠨᠢᠭᠡ ᠪᠦᠯᠦᠭ ᠰᠢᠯᠢᠳᠡᠭ ᠲᠦᠷᠦᠯ ᠵᠦᠢᠯ ᠢ ᠤᠷᠢᠳᠴᠢᠯᠠᠨ᠂ ᠠᠯᠬᠤᠮ ᠳᠠᠷᠠᠭ᠎ᠠ ᠲᠠᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠤᠷᠠᠮᠳᠤᠭᠤᠯᠬᠤ ᠬᠡᠷᠡᠭᠲᠡᠢ ᠭᠡᠰᠡᠨ ᠪᠠᠶᠢᠨ᠎ᠠ᠃         ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠳᠠᠲᠠᠢ ᠠᠵᠢᠯᠯᠠᠵᠤ᠂ ᠦᠨᠡᠨ ᠬᠦ ᠠᠳᠬᠤᠨ᠂ ᠢᠳᠡᠪᠬᠢᠳᠡᠢ ᠰᠡᠳᠬᠢᠬᠦ ᠰᠡᠳᠬᠢᠮᠵᠢ ᠪᠠᠨ ᠴᠢᠩᠭᠠᠳᠬᠠᠵᠤ᠂ ᠨᠢᠩᠴᠧᠩ ᠰᠢᠶᠠᠨ ᠵᠡᠷᠭᠡ ᠭᠠᠵᠠᠷ ᠣᠷᠣᠨ ᠤ ᠲᠦᠷᠦᠯ ᠵᠦᠢᠯ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠵᠢᠴᠢ ᠠᠷᠭ᠎ᠠ ᠰᠦᠪᠡᠭᠴᠢᠯᠡᠬᠦ᠂ ᠤᠴᠢᠷ ᠶᠠᠪᠤᠳᠠᠯ ᠢ ᠠᠳᠬᠤᠬᠤ᠂ ᠬᠥᠮᠦᠨ ᠬᠡᠷᠡᠭᠯᠡᠬᠦ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠵᠤ᠂ ᠥᠪᠡᠷ ᠤᠨ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠨ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃          ᠬᠤᠷᠠᠯ ᠠᠴᠠ᠂ ︽ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠣᠯᠤᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号