︽ᠪᠡᠭᠡᠵᠢᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠪᠦᠯᠬᠦᠮ ᠤᠨ ᠥᠪᠥᠷ ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠮᠠᠨ ᠤ ᠬᠤᠰᠢᠭᠤᠨ ᠳᠤ ᠢᠷᠡᠪᠡ
ᠨᠡᠶᠢᠲᠡᠯᠡᠭᠰᠡᠨ ᠴᠠᠭ᠄
2024/7/18
       7 ᠰᠠᠷ᠎ᠠ ᠶᠢᠨ 16 ᠤ ᠡᠳᠦᠷ᠂ ︽ᠪᠡᠭᠡᠵᠢᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠪᠦᠯᠬᠦᠮ ᠤᠨ ᠥᠪᠥᠷ ᠮᠣᠩᠭᠤᠯ ᠲᠠᠬᠢ ᠠᠶᠠᠯᠠᠯ︾ ᠤᠨ ᠠᠵᠢᠯᠯᠠᠭ᠎ᠠ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠮᠠᠨ ᠤ ᠬᠤᠰᠢᠭᠤᠨ ᠳᠤ ᠢᠷᠡᠵᠦ ᠠᠵᠢᠯᠯᠠᠭ᠎ᠠ ᠦᠷᠨᠢᠭᠦᠯᠪᠡ᠃ ᠪᠡᠭᠡᠵᠢᠩ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠶᠦᠩ᠂ ᠤᠯᠠᠭᠠᠨᠬᠠᠳᠠ ᠬᠤᠲᠠ ᠶᠢᠨ ᠳᠡᠳ᠋ ᠬᠤᠲᠠ ᠶᠢᠨ ᠳᠠᠷᠤᠭ᠎ᠠ ᠯᠢ ᠵᠢᠩ ᠵᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠳ᠋ᠦᠩ ᠵᠢᠦ ᠪᠢᠩ᠂ ᠳᠡᠳ᠋ ᠬᠤᠰᠢᠭᠤᠨ ᠳᠠᠷᠤᠭ᠎ᠠ ᠯᠢ ᠬᠤᠶ ᠵᠢᠴᠢ ᠬᠡᠰᠡᠭ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠪᠦᠯᠬᠦᠮ ᠤᠨ ᠲᠤᠰᠬᠠᠶ ᠮᠡᠷᠭᠡᠵᠢᠯᠲᠡᠨ ᠠᠵᠢᠯᠯᠠᠭ᠎ᠠ ᠳᠤ ᠣᠷᠣᠯᠴᠠᠵᠠᠶ᠃         ᠪᠡᠭᠡᠵᠢᠩ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠲᠦᠩᠵᠸᠦ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠠᠨ ᠤ ᠬᠤᠰᠢᠭᠤᠨ ᠤ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠣᠷᠦ᠋ᠢᠯᠠᠭᠰᠠᠨ ᠳᠡᠭᠡᠳᠦ ᠮᠡᠷᠭᠡᠵᠢᠯ ᠤᠨ 9 ᠴᠢᠳᠠᠪᠤᠷᠢᠲᠠᠨ ᠢ ᠵᠣᠬᠢᠶᠠᠨ ᠪᠠᠶᠢᠭᠤᠯᠵᠤ᠂ ᠣᠩᠨᠢᠭᠤᠳ ᠬᠤᠰᠢᠭᠤᠨ ᠤ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠥᠪᠥᠷ ᠮᠣᠩᠭᠤᠯ ᠤᠨ ᠮᠡᠨᠳᠦ ᠬᠤᠨᠢᠨ ᠤ ᠦᠢᠯᠡᠰ ᠤᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ᠂ ᠢᠳᠡᠭᠡᠨ ᠡᠳ᠋ᠰᠢᠭᠦᠯᠬᠦ᠂ ᠨᠠᠰᠤᠵᠢᠯ ᠤᠨ ᠠᠰᠠᠷᠠᠮᠵᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠳᠤ ᠭᠦᠨᠵᠡᠭᠡᠶᠢᠷᠡᠨ᠂ ᠲᠥᠪᠯᠡᠷᠡᠭᠦᠯᠦᠨ ᠬᠢᠴᠢᠶᠡᠯ ᠣᠷᠣᠬᠤ᠂ ᠶᠠᠷᠢᠯᠴᠠᠨ ᠰᠣᠯᠢᠯᠴᠠᠬᠤ᠂ ᠠᠵᠤ ᠠᠬᠤᠶᠢᠯᠠᠯ ᠳᠤ ᠣᠷᠣᠵᠤ ᠨᠠᠷᠢᠯᠢᠭ ᠣᠨᠣᠴᠠᠲᠠᠶ ᠪᠠᠷ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷ᠎ᠠ ᠮᠡᠷᠭᠡᠵᠢᠯ ᠢᠶᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠪᠣᠭᠤᠮᠳᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠪᠠ᠃         ︽ᠪᠡᠭᠡᠵᠢᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠪᠦᠯᠬᠦᠮ ᠤᠨ ᠥᠪᠥᠷ ᠮᠣᠩᠭᠤᠯ ᠲᠠᠬᠢ ᠠᠶᠠᠯᠠᠯ︾ ᠤᠨ ᠠᠵᠢᠯᠯᠠᠭ᠎ᠠ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠬᠤ ᠪᠣᠳᠠᠲᠠᠶ ᠠᠵᠢᠯᠯᠠᠭ᠎ᠠ ᠪᠣᠯᠬᠤ ᠶᠤᠮ᠂᠂ ᠲᠡᠷᠡ ᠨᠢ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠪᠠᠷ ᠳᠠᠮᠵᠢᠭᠤᠯᠤᠨ᠂ ᠮᠠᠨ ᠤ ᠬᠤᠰᠢᠭᠤᠨ ᠤ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠠᠮᠵᠢᠯᠴᠠᠬᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠢᠯᠡᠴᠢᠯᠡᠬᠦ ᠬᠠᠮᠲᠤᠷᠠᠯᠴᠠᠭᠠᠨ ᠤ ᠲᠣᠭᠲᠠᠴᠠ ᠶᠢ ᠬᠠᠮᠲᠤ ᠪᠠᠷ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠤᠷ᠎ᠠ ᠴᠢᠳᠠᠪᠤᠷᠢ ᠶᠢᠨ ᠬᠠᠮᠵᠢᠯᠴᠠᠭ᠎ᠠ ᠶᠢᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠠᠪᠤᠳᠠᠯ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号