ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠰᠬᠠᠶ ᠰᠡᠳᠦᠪᠲᠦ ᠪᠤᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/18
       7 ᠰᠠᠷ᠎ᠠ ᠶᠢᠨ 17 ᠤ ᠡᠳᠦᠷ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠬᠤᠷᠠᠯ ᠳᠤ ᠣᠷᠣᠯᠴᠠᠪᠠ᠃        ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠬᠢᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠪᠠᠷ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠰ ᠤᠳᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠪᠠᠷ ᠠᠵᠠ ᠲᠣᠬᠢᠶᠠᠯ ᠪᠣᠯᠭᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃         ᠪᠣᠯᠪᠠᠰᠤᠷᠠᠯ ᠤᠨ ᠬᠤᠭᠤᠴᠠᠭᠠᠨ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ 9 ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ᠂ ᠡᠮᠴᠢᠯᠡᠭᠡᠨ ᠤ ᠪᠠᠲᠤᠯᠠᠭ᠎ᠠ᠂ ᠦᠨᠳᠦᠰᠦᠨ ᠵᠦᠢᠯ ᠤᠨ ᠪᠠᠲᠤᠯᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠲᠥᠪᠯᠡᠷᠡᠭᠦᠯᠦᠨ ᠪᠣᠯᠪᠠᠰᠤᠷᠠᠯ ᠥᠷᠨᠢᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号