ᠮᠥᠩᠬᠡ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠣᠯᠭᠤᠭᠠᠨ‌ᠦᠵᠡᠪᠡ
ᠨᠡᠶᠢᠲᠡᠯᠡᠭᠰᠡᠨ ᠴᠠᠭ᠄
2024/7/18
        7 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠰᠢᠶᠧ ᠭᠦᠸᠧ ᡁᠢ᠂ ᠡᠤ ᠹᠧᠩ ᠱᠠᠨ ᠵᠡᠷᠭᠡ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠣᠯᠭᠤᠭᠠᠨ ᠦᠵᠡᠵᠦ᠂ ᠲᠡᠳᠡᠨ ᠤ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠭᠰᠠᠨ ᠵᠢᠴᠢ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠵᠢᠦ ᠫᠦᠸᠧ ᠪᠠᠷ᠎ᠠ ᠪᠣᠯᠵᠤ ᠪᠣᠯᠭᠤᠭᠠᠨ ᠦᠵᠡᠪᠡ᠃         ᠮᠥᠩᠬᠡ ᠠᠬᠠᠮᠠᠳ ᠨᠥᠬᠦᠳ ᠲᠠᠢ ᠳᠣᠲᠣᠨᠣ ᠪᠠᠷ ᠶᠠᠷᠢᠯᠴᠠᠵᠤ᠂ ᠪᠡᠶ᠎ᠡ ᠮᠠᠬᠠᠪᠣᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠣᠶᠢᠷ᠎ᠠ ᠶᠢᠨ ᠵᠢᠯ ᠤᠨ ᠲᠤᠷᠰᠢᠬᠢ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠳᠤ ᠠᠬᠠᠮᠠᠳ ᠨᠥᠬᠦᠳ ᠤᠨ ᠬᠦᠴᠦ ᠬᠥᠯᠥᠰᠥ ᠪᠠ ᠤᠶᠤᠨ ᠤᠬᠠᠭᠠᠨ ᠠᠭᠤᠯᠤᠭᠳᠠᠵᠤ ᠪᠠᠶᠢᠬᠤ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠠᠬᠠᠮᠠᠳ ᠨᠥᠬᠦᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠯᠠᠭᠤᠨ ᠰᠡᠳᠬᠢᠯ ᠲᠠᠢ ᠬᠠᠷᠢᠭᠤᠴᠠᠯᠭ᠎ᠠ ᠲᠠᠢ ᠪᠠᠷ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠠᠬᠠᠮᠠᠳ ᠨᠥᠬᠦᠳ ᠤᠨ ᠪᠥᠬᠦ ᠬᠤᠰᠢᠭᠤᠨ ᠤ ᠡᠯ᠎ᠡ ᠵᠦᠶ᠋ᠯ ᠤᠨ ᠠᠵᠢᠯ ᠦᠶ᠋ᠯᠡᠰ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂  ᠳᠠᠪᠠᠭᠤᠯᠢᠭ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠦᠭᠴᠥ᠂ ᠣᠩᠨᠢᠭᠤᠳ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃          ᠠᠬᠠᠮᠠᠳ ᠨᠥᠬᠦᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠡᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号