ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/2
      6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠦᠩᠬᠡ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃        ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠷᠣᠬᠤᠲᠠ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠪᠣᠯᠤᠨ 2024 ᠣᠨ ᠤ ᠬᠥᠬᠡ ᠯᠤᠤ ᠵᠢᠯ ᠤᠨ ᠣᠩᠨᠢᠭᠤᠳ ᠬᠤᠰᠢᠭᠤᠨ ᠤ ᠨᠠᠭᠠᠳᠤᠮ ᠤᠨ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠪᠠ᠃ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠠᠷᠠᠳ ᠤᠨ ᠶᠠᠪᠤᠳᠠᠯ ᠪᠠ ᠡᠯ᠎ᠡ ᠬᠠᠮᠢᠶ᠎ᠠ ᠪᠥᠬᠦᠶ ᠨᠢᠭᠡᠴᠡ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ᠂ ᠣᠷᠣᠨ ᠵᠠᠶ ᠶᠢᠨ ᠪᠠᠶᠢᠷᠢᠰᠢᠭᠤᠯᠤᠯᠲᠠ᠂ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠬᠦᠴᠦᠨ‌ᠵᠦ᠋ᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠯᠥᠪᠵᠢᠭᠦᠯᠦᠨ ᠵᠢᠷᠤᠵᠤ ᠲᠥᠯᠥᠪᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠲᠥᠷᠥᠯ ᠵᠦᠢᠯ ᠢ ᠦᠨᠡᠨ ᠬᠦ ᠴᠢᠨᠠᠷ ᠰᠠᠶᠢᠲᠠᠶ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷᠴᠢᠯᠡᠬᠦ ᠶᠢ ᠪᠠᠷᠢᠮᠲᠠᠯᠠᠵᠤ᠂ ᠬᠤᠶᠢᠰᠢᠳᠠ ᠶᠢᠨ ᠡᠵᠡᠩᠨᠡᠬᠦ ᠲᠥᠰᠦᠯ ᠢ ᠭᠦᠨᠵᠡᠭᠡᠢ ᠰᠣᠳᠣᠯᠣᠨ᠂ ᠤᠯᠤᠰ ᠤᠨ ᠦᠮᠴᠢᠯᠡᠯᠳᠥ ᠠᠵᠤ ᠠᠬᠤᠶᠢᠯᠠᠯ ᠤᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠲᠦᠷᠦᠯ ᠵᠦᠢᠯ ᠤᠨ ᠦᠢᠯᠡᠳᠦᠯ ᠢᠶᠠᠨ ᠪᠠᠳᠠᠷᠠᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号