ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/2
       6 ᠰᠠᠷ᠎ᠠ ᠶᠢᠨ 26 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠳᠡᠳ᠋ ᠡᠷᠬᠢᠯᠡᠭᠴᠢ ᠯᠤᠸᠠᠨ ᠱᠸᠤ ᠡᠤ᠂ ᠤᠳᠤᠨᠴᠢᠮᠡᠭ᠂ ᠵᠧᠩ ᠱᠸᠤ ᠰᠢᠤᠸᠠᠢ᠂ ᠯᠢᠨ ᠬᠤ᠋ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ ᠭᠤᠤ ᠶᠦᠩ ᠡᠤ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠯᠢ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠰᠣᠨᠣᠰᠴᠤ ᠬᠢᠨᠠᠨ ᠵᠦᠪᠯᠡᠵᠥ ᠪᠠᠲᠤᠯᠠᠪᠠ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ﹀ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾᠂ ︽2022 ᠣᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠠᠵᠢᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾᠂ ︽ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠣᠩᠨᠢᠭᠤᠳ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽ᠣᠩᠨᠢᠭᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ︔ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠩ ᠭᠦᠸᠧ ᠰᠢᠤᠸᠠᠨ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠲᠣᠭᠲᠠᠭᠠᠯ ᠢ ᠬᠢᠨᠠᠨ ᠪᠠᠲᠤᠯᠠᠪᠠ᠃        ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号