ᠣᠩᠨᠢᠭᠤᠳ ᠬᠤᠰᠢᠭᠤ᠄ ᠢᠳᠡᠰᠢᠨ ᠨᠣᠭᠤᠭ᠎ᠠ ᠶᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ ᠶᠡᠭᠡ ᠪᠠᠷ ᠠᠬᠢᠭᠤᠯᠵᠤ᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/7/23
         ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠲᠥᠷᠥᠯ ᠢ ᠰᠡᠷᠭᠡᠶᠢᠯᠡᠨ ᠡᠵᠡᠮᠳᠡᠬᠦ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠲᠠᠢ ᠬᠤᠯᠪᠣᠭᠳᠠᠵᠤ᠂ ᠲᠥᠪᠡᠳ ᠬᠠᠰᠢ ᠶᠢᠨ ᠨᠢᠭᠤᠭᠳᠠᠮᠠᠯ ᠰᠢᠪᠠᠵᠢ ᠶᠢᠨ ᠨᠢᠭᠡ ᠪᠣᠯ ᠬᠠᠮᠤᠭ ᠤᠨ ᠰᠦᠢᠷᠡᠬᠦ ᠴᠢᠨᠠᠷᠲᠠᠶ ᠳᠡᠯᠡᠬᠡᠶ ᠶᠢᠨ ᠴᠢᠨᠠᠷᠲᠠᠶ ᠲᠦᠷᠢᠮᠡᠬᠡᠶᠢᠯᠡᠯ ᠤᠨ ᠬᠤᠷᠣᠬᠠᠶ ᠶᠢᠨ ᠨᠢᠭᠡ ᠪᠠᠶᠢᠵᠤ᠂ ᠡᠮᠦᠨᠡᠲᠦ ᠠᠮᠧᠷᠢᠺᠠ ᠲᠢᠪ ᠠᠴᠠ ᠢᠷᠡᠯᠲᠡ ᠲᠠᠢ᠂ 2021 ᠣᠨ ᠤ 7 ᠰᠠᠷ᠎ᠠ ᠳᠤ ᠠᠩᠬ᠎ᠠ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠦᠷᠢᠮᠡᠬᠡᠶᠢᠯᠡᠭᠳᠡᠵᠦ᠂ 2023 ᠣᠨ ᠤ 6 ᠰᠠᠷ᠎ᠠ ᠳᠤ ᠮᠠᠨ ᠤ ᠬᠤᠰᠢᠭᠤᠨ ᠤ ᠬᠦᠯᠡᠮᠵᠢ ᠶᠢᠨ ᠲᠥᠪᠡᠳ ᠬᠠᠰᠢ ᠳᠤ ᠠᠩᠬ᠎ᠠ ᠤᠳᠠᠭ᠎ᠠ ᠢᠯᠡᠷᠡᠭᠦᠯᠵᠡᠶ᠃          ᠵᠤᠨ ᠣᠷᠣᠭᠰᠠᠨ ᠠᠴᠠ ᠨᠠᠰᠢ᠂ ᠲᠥᠪᠡᠳ ᠬᠠᠱᠢ ᠶᠢᠨ ᠨᠢᠭᠤᠭᠳᠠᠮᠠᠯ ᠶᠧ ᠡᠷᠪᠡᠬᠡᠢ ᠨᠢ ᠬᠥᠨᠥᠭᠡᠯ ᠪᠣᠯᠬᠤ ᠦᠶ᠎ᠡ ᠳᠤ ᠣᠷᠣᠬᠤ ᠨᠢ ᠪᠠᠰᠠ ᠰᠡᠷᠭᠡᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠃ ᠣᠩᠨᠢᠭᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠳᠣᠬᠠᠨ ᠤ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠣᠪᠤᠶᠢᠯᠭᠠᠨ᠂ ᠨᠠᠷᠢᠨ ᠨᠢᠮᠪᠠᠶ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠦᠯᠡᠮᠵᠢ ᠶᠢᠨ ᠲᠥᠪᠡᠳ ᠬᠠᠰᠢ ᠶᠢᠨ ᠦᠢᠯᠡᠳᠪᠦᠷᠢᠯᠡᠯ ᠳᠤ ᠴᠢᠭᠯᠡᠭᠦᠯᠦᠨ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠠᠵᠢᠯ ᠢ ᠬᠦᠴᠦᠯᠡᠨ ᠠᠬᠢᠭᠤᠯᠵᠤ᠂ ᠮᠠᠨ ᠤ ᠬᠤᠰᠢᠭᠤᠨ ᠤ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠪᠠᠲᠤᠯᠠᠬᠤ ᠠᠮᠤᠷ ᠲᠦᠪᠰᠢᠨ ᠢ ᠡᠬᠢ ᠡᠭᠦᠰᠦᠯ ᠠᠴᠠ ᠨᠢ ᠡᠵᠡᠮᠳᠡᠪᠡ᠃           ᠲᠦᠷᠦᠭᠦᠬᠡᠨ᠂ ᠣᠩᠨᠢᠭᠤᠳ ᠬᠤᠰᠢᠭᠤ ᠥᠨᠳᠥᠷ ᠪᠦᠲᠦᠮᠵᠢᠲᠡᠶ ᠠᠮᠤᠷ ᠲᠦᠪᠰᠢᠨ ᠴᠢᠨᠠᠷ ᠲᠠᠢ ᠪᠠᠷ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠬᠡᠷᠡᠭᠯᠡᠵᠦ᠂ ᠲᠦᠮᠡ ᠰᠢᠬᠠᠮ ᠪᠠᠷᠢᠪᠴᠢᠯᠠᠭᠤᠷ ᠪᠠ ᠥᠳᠥᠭᠡᠨ ᠭᠤᠣᠯ ᠢ ᠲᠠᠷᠬᠠᠭᠠᠨ ᠤᠭᠰᠠᠷᠠᠵᠤ᠂ ᠲᠥᠪᠡᠳ ᠬᠠᠰᠢ ᠶᠢᠨ ᠨᠢᠭᠤᠭᠳᠠᠮᠠᠯ ᠨᠠᠪᠴᠢᠨ ᠡᠷᠪᠡᠬᠡᠢ ᠶᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠥᠪᠡᠳ ᠬᠠᠰᠢ ᠶᠢᠨ ᠨᠢᠭᠤᠭᠳᠠᠮᠠᠯ ᠨᠠᠪᠴᠢᠨ ᠡᠷᠪᠡᠬᠡᠶ ᠶᠢᠨ ᠬᠥᠨᠥᠭᠡᠯ ᠢ ᠬᠢᠵᠠᠭᠠᠷᠯᠠᠵᠤ᠂ ᠢᠳᠡᠰᠢᠨ ᠨᠣᠭᠤᠭ᠎ᠠ ᠶᠢᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢ ᠠᠬᠢᠭᠤᠯᠵᠤ᠂ ᠬᠢᠮᠢ ᠶᠢᠨ ᠲᠠᠷᠢᠶᠠᠨ ᠡᠮ ᠤᠨ ᠬᠡᠷᠡᠭᠯᠡᠯᠲᠡ ᠪᠠ ᠦᠯᠡᠳᠡᠭᠳᠡᠯ ᠢ ᠪᠠᠭᠠᠰᠬᠠᠪᠠ᠃
 
ᠢᠷᠡᠯᠲᠡ᠄ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号