ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠷᠢᠮᠠᠯ ᠤᠨ ᠡᠪᠡᠳᠴᠢᠨ ᠤ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/29
        ᠣᠳᠣᠬᠠᠨ ᠳᠤ᠂ ᠶᠠᠭ ᠤᠰᠤᠨ ᠲᠤᠲᠤᠷᠭ᠎ᠠ ᠵᠡᠷᠭᠡ ᠲᠠᠷᠢᠮᠠᠯ ᠤᠨ ᠡᠪᠡᠳᠴᠢᠨ ᠤ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠃ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠷᠢᠮᠠᠯ ᠤᠨ ᠡᠪᠡᠳᠴᠢᠨ ᠤ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠶᠢ ᠪᠠᠲᠤᠯᠠᠵᠤ ᠪᠠᠶᠢᠨ᠎ᠠ᠃        ᠤᠩᠨᠢᠭᠤᠳ ᠬᠤᠰᠢᠭᠤᠨ ᠳᠤ ᠨᠡᠶᠢᠳᠡ 25 ᠲᠦᠮᠡᠨ ᠮᠦ ᠳᠤᠲᠤᠷᠭᠠᠨ ᠲᠠᠷᠢᠶ᠎ᠠ ᠲᠠᠢ ᠪᠠᠶᠢᠵᠤ᠂ ᠳᠤᠲᠤᠷᠭᠠᠨ ᠬᠢᠵᠢᠭ ᠪᠣᠯ ᠤᠰᠤᠨ ᠲᠤᠲᠤᠷᠭ᠎ᠠ ᠶᠢᠨ ᠴᠢᠬᠤᠯᠠ ᠡᠪᠡᠳᠴᠢᠨ ᠤ ᠬᠥᠨᠥᠭᠡᠯ ᠤᠨ ᠨᠢᠭᠡ ᠪᠣᠯᠤᠨ᠎ᠠ᠂ ᠳᠤᠲᠤᠷᠭᠠᠨ ᠬᠢᠵᠢᠭ ᠨᠢ ᠶᠡᠭᠡ ᠬᠡᠮᠵᠢᠶᠡᠨ ᠤ ᠴᠤᠤᠬᠠᠯ ᠪᠤᠶᠤ ᠬᠠᠭᠠᠰ ᠴᠤᠤᠬᠠᠯ ᠢ ᠡᠭᠦᠰᠭᠡᠨ᠂ ᠡᠩ ᠤᠨ ᠪᠠᠶᠢᠳᠠᠯ ᠳᠤ ᠲᠠᠷᠢᠶᠠᠨ ᠤ ᠤᠨᠠᠯᠲᠠ ᠶᠢ 10%-20% ᠪᠠᠷ ᠬᠤᠷᠤᠭᠤᠳᠠᠭᠤᠯᠵᠤ᠂ ᠬᠦᠨᠳᠦ ᠨᠣᠴᠢᠲᠠᠢ ᠦᠶ᠎ᠡ ᠳᠡᠭᠡᠨ 40%-50% ᠪᠠᠷ ᠬᠤᠷᠤᠭᠳᠠᠭᠤᠯᠤᠭᠠᠳ᠂ ᠲᠠᠷᠢᠶᠠᠴᠢᠳ ᠲᠤ ᠮᠠᠰᠢ ᠶᠡᠭᠡ ᠬᠤᠬᠢᠷᠠᠯ ᠤᠴᠠᠷᠠᠭᠤᠯᠳᠠᠭ ᠪᠠᠶᠢᠨ᠎ᠠ᠃         ᠭᠠᠮᠰᠢᠭ ᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ 7 ᠰᠠᠷ᠎ᠠ ᠶᠢᠨ 24 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠦᠢᠯᠡᠴᠢᠯᠡᠭᠡᠨ ᠤ ᠴᠢᠳᠠᠪᠤᠷᠢ ᠲᠠᠢ ᠬᠤᠷᠰᠢᠶᠠᠵᠢᠯ ᠪᠤᠯᠤᠨ ᠲᠠᠷᠢᠮᠠᠯ ᠤᠨ ᠲᠤᠮᠤ ᠡᠷᠦᠬᠡ ᠳᠤ ᠲᠠᠷᠢᠶᠠᠯᠠᠩ ᠳᠤ ᠬᠡᠷᠡᠭᠯᠡᠬᠦ ᠨᠢᠰᠭᠡᠯ ᠲᠦᠭᠡᠭᠡᠨ ᠥᠭᠴᠦ᠂ ᠲᠤᠲᠤᠷᠭ᠎ᠠ ᠶᠢᠨ ᠲᠠᠷᠢᠶᠠᠴᠢᠳ ᠢ ᠵᠢᠯᠣᠭᠤᠳᠤᠨ ᠲᠤᠬᠠᠶ ᠶᠢᠨ ᠲᠠᠯᠠᠪᠠᠶ ᠳᠤ ᠲᠠᠷᠢᠮᠠᠯ ᠤᠨ ᠬᠠᠮᠠᠭᠠᠯᠠᠯᠲᠠ ᠶᠢᠨ ᠠᠵᠢᠯ ᠬᠢᠵᠦ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠩᠬᠠᠨ ᠤ ᠡᠭᠡᠯᠵᠢ ᠶᠢᠨ ᠨᠢᠭᠡᠳᠦᠯᠲᠡᠶ ᠰᠡᠷᠭᠡᠶᠢᠯᠡᠨ ᠵᠠᠰᠠᠭᠰᠠᠨ ᠲᠠᠷᠢᠮᠠᠯ ᠤᠨ ᠲᠠᠯᠠᠪᠠᠶ ᠨᠡᠶᠢᠲᠡ 5000 ᠮᠥ ᠳᠤ ᠬᠦᠷᠦᠭᠰᠡᠨ ᠪᠠᠶᠢᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠠᠰᠠ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠰᠡᠷᠭᠡᠶᠢᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号