ᠳᠡᠷᠡᠰᠦ ᠭᠠᠴᠠᠭ᠎ᠠ ᠶᠢᠨ ᠬᠤᠶᠠᠳᠤᠭᠠᠷ ᠬᠤᠭᠤᠴᠠᠭᠠᠨ ᠤ ᠠᠮᠢ ᠠᠬᠤᠶ ᠰᠣᠶᠣᠯ ᠵᠢᠭᠤᠯᠴᠢᠯᠠᠯ ᠤᠨ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2024/7/29
         ᠰᠠᠷ᠎ᠠ ᠶᠢᠨ 23 ᠤ ᠡᠳᠦᠷ᠂ ᠽᠢ ᠴᠧᠩ ᠵᠡᠭᠡᠯᠢ ᠭᠤᠳᠤᠮᠵᠢ ᠶᠢᠨ ᠳᠡᠷᠡᠰᠦ ᠭᠠᠴᠠᠭᠠᠨ ᠤ ᠬᠤᠶᠠᠳᠤᠭᠠᠷ ᠬᠤᠭᠤᠴᠠᠭᠠᠨ ᠤ ᠠᠮᠢ ᠠᠬᠤᠶ ᠰᠣᠶᠣᠯ ᠵᠢᠭᠤᠯᠴᠢᠯᠠᠯ ᠤᠨ ᠨᠠᠶᠢᠷ ᠡᠬᠢᠯᠡᠵᠦ᠂ ᠣᠷᠣᠨ ᠨᠤᠲᠤᠭ ᠤᠨ ᠤᠨᠴᠠᠯᠢᠬᠳᠤ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠬᠤᠯᠠ ᠤᠶᠢᠷ᠎ᠠ ᠶᠢᠨ ᠵᠤᠭᠠᠴᠠᠭᠰᠠᠳ ᠢ ᠶᠡᠬᠡᠪᠡᠷ ᠲᠠᠲᠠᠭᠰᠠᠨ ᠪᠠᠶᠢᠨ᠎ᠠ᠃         ᠡᠬᠢᠯᠡᠯᠲᠡ ᠶᠢᠨ ᠶᠣᠰᠣᠯᠠᠯ ᠳᠤ᠂ ᠲᠤᠬᠠᠢ ᠶᠢᠨ ᠭᠠᠵᠠᠷ ᠤᠨ ᠮᠠᠯᠴᠢᠳ ᠪᠣᠯᠤᠨ ᠤᠯᠠᠭᠠᠨᠮᠥ᠋ᠴᠢᠷ ᠤᠨ ᠲᠣᠭᠯᠠᠭᠴᠢᠳ ᠠᠴᠠ ᠭᠤᠴᠤ ᠰᠠᠶᠢᠬᠠᠨ ᠲᠤᠭᠯᠠᠯᠲᠠ ᠪᠠᠷ ᠢᠶᠠᠨ ᠨᠠᠶᠢᠷ ᠤᠨ ᠬᠦᠰᠢᠭᠡ ᠶᠢ ᠢᠷᠠᠵᠤ᠂ ᠴᠠᠭ ᠦᠶ᠎ᠡ ᠶᠢᠨ ᠮᠠᠭᠲᠠᠭᠠᠯ ᠳᠠᠭᠤᠤ ᠬᠠᠩᠭᠢᠨᠠᠭᠤᠯᠤᠨ᠂ ᠣᠩᠨᠢᠭᠤᠳ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠰᠣᠶᠣᠯ ᠤᠨ ᠴᠡᠴᠡᠭᠯᠡᠯ ᠪᠤᠯᠤᠨ ᠨᠡᠶᠢᠭᠡᠮ ᠤᠨ ᠡᠶ᠎ᠡ ᠵᠣᠬᠢᠴᠠᠩᠭᠤᠢ ᠪᠠᠶᠢᠭ᠎ᠠ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠡᠬᠢᠯᠡᠯᠲᠡ ᠶᠢᠨ ᠶᠣᠰᠣᠯᠠᠯ ᠳᠤ ᠤᠷᠤᠯᠴᠠᠵᠠᠢ᠃        ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠨᠢ ᠤᠷᠠᠨ ᠰᠠᠶᠢᠬᠠᠨ ᠤ ᠲᠣᠭᠯᠠᠯᠲᠠ᠂ ᠳᠡᠭᠡᠰᠦ ᠲᠠᠲᠠᠬᠤ᠂ ᠪᠥᠬᠡ ᠪᠠᠷᠢᠯᠳᠤᠬᠤ᠂ ᠶᠠᠩᠭᠠᠷ ᠦᠰᠦᠷᠬᠦ᠂ ᠬᠤᠸᠠᠷ ᠫᠤᠤᠵᠢᠩ ᠪᠤᠯᠤᠨ ᠲᠦᠳᠡᠭ ᠭᠠᠯ ᠤᠨ ᠦᠳᠡᠰᠢᠯᠡᠭᠡ ᠵᠡᠷᠭᠡ ᠪᠠᠶᠠᠯᠢᠭ ᠠᠭᠤᠯᠭ᠎ᠠ ᠪᠠᠷ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号