ᠤᠩᠨᠢᠭᠤᠳ ᠬᠤᠰᠢᠭᠤᠨ ᠤ ᠠᠩᠬᠠᠨ ᠤ ᠮᠡᠳᠡᠭᠡᠯᠡᠯ ᠤᠨ ᠤᠷᠠᠨ ᠵᠣᠬᠢᠶᠠᠯ ᠤᠨ ᠲᠡᠭᠦᠪᠦᠷᠢ ︽ᠨᠢᠷᠤᠭᠤᠳ︾ ᠢ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/29
         7 ᠰᠠᠷ᠎ᠠ ᠶᠢᠨ 25 ᠤ ᠡᠳᠦᠷ᠂ ᠮᠡᠳᠡᠭᠡᠯᠡᠯ ᠤᠨ ᠤᠷᠠᠨ ᠵᠣᠬᠢᠶᠠᠯ ᠤᠨ ᠲᠡᠭᠦᠪᠦᠷᠢ ︽ᠨᠢᠷᠤᠭᠤᠳ︾ ᠢ ᠲᠠᠷᠬᠠᠭᠠᠬᠤ ᠶᠣᠰᠣᠯᠠᠯ ᠤᠷᠠᠯᠢᠭ ᠤᠨ ᠲᠣᠭᠯᠠᠯᠲᠠ ᠶᠢᠨ ᠲᠥᠪ ᠲᠤ ᠶᠠᠪᠤᠭᠳᠠᠪᠠ᠃ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠢᠶᠠ ᠢᠦᠶ ᠯᠸᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠭᠤᠤ ᠶᠦᠩ ᠡᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧᠩ ᠸᠧᠶ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠳ᠋ᠦᠩ ᠵᠢᠦ ᠪᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠯᠤᠸᠠᠨ ᠱᠸᠤ ᠡᠤ᠂ ᠬᠤᠰᠢᠭᠤᠨ ᠤ ᠳᠡᠳ᠋ ᠳᠠᠷᠤᠭ᠎ᠠ ᠵᠠᠩ ᠴᠢᠶᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠪᠦᠦ ᠰᠧᠨ ᠵᠢᠴᠢ ︽ᠨᠢᠷᠤᠭᠤᠨ︾ ᠤᠨ 9 ᠨᠡᠷ᠎ᠡ ᠡᠬᠡ ᠪᠢᠴᠢᠭ ᠲᠤᠭᠤᠷᠪᠢᠭᠴᠢᠳ ᠲᠠᠷᠬᠠᠭᠠᠬᠤ ᠶᠣᠰᠣᠯᠠᠯ ᠳᠤ ᠣᠷᠣᠯᠴᠠᠪᠠ᠃          ︽ᠨᠢᠷᠤᠭᠤᠳ︾ ᠨᠢ ᠣᠩᠨᠢᠭᠤᠳ ᠬᠤᠰᠢᠭᠤᠨ ᠤ ᠠᠩᠬᠠᠳᠠᠭᠴᠢ ᠮᠡᠳᠡᠭᠡᠯᠡᠯ ᠤᠨ ᠤᠷᠠᠨ ᠵᠣᠬᠢᠶᠠᠯ ᠤᠨ ᠲᠡᠭᠦᠪᠦᠷᠢ ᠪᠣᠯᠤᠭᠰᠠᠨ ᠤ ᠬᠤᠪᠢ ᠳᠤ᠂ ᠲᠡᠷᠢᠭᠦᠨ ᠤ ᠬᠠᠮᠲᠤ ᠨᠡᠶᠢᠲᠡ ᠪᠣᠯᠬᠤ ᠣᠩᠨᠢᠭᠤᠳ ᠬᠤᠰᠢᠭᠤᠨ ᠤ ᠤᠯᠠᠭᠠᠨᠮᠥ᠋ᠴᠢᠷ ᠪᠣᠯᠣᠨ ᠸᠠᠩ ᠢ ᠯᠦᠨ᠂ ᠭᠧᠨᠳᠡᠨ ᠵᠡᠷᠭᠡ 17 ᠨᠡᠷ᠎ᠡ ᠪᠠᠭᠠᠳᠤᠷᠴᠤᠳ ᠵᠢᠱᠢᠶᠡᠴᠢᠳ᠂ ᠲᠡᠷᠢᠭᠦᠨ ᠤ ᠵᠢᠱᠢᠶᠡᠴᠢ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢ ᠰᠢᠩᠭᠡᠭᠡᠨ ᠪᠠᠭᠳᠠᠭᠠᠵᠤ ᠪᠠᠶᠢᠳᠠᠭ᠂᠂ ᠲᠡᠷᠡ ᠨᠢ ᠣᠩᠨᠢᠭᠤᠳ ᠬᠤᠰᠢᠭᠤᠨ ᠤ ᠬᠥᠮᠦᠰ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠢᠯᠠᠨ ᠳᠠᠪᠠᠭ᠋ᠤ᠂ ᠡᠷᠡᠯᠬᠡᠭ ᠪᠠᠭᠠᠲᠤᠷᠯᠢᠭ ᠢᠶᠠᠷ ᠦᠢᠯᠡᠰ ᠪᠣᠰᠬᠠᠬᠤ ᠪᠠᠷ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠣᠩᠨᠢᠭᠤᠳ ᠬᠤᠰᠢᠭᠤᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠷᠢᠭᠲᠠᠢ ᠪᠠᠷ ᠬᠦᠴᠢᠷ ᠢ ᠢᠯᠡᠨ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠠᠷᠠᠮ ᠦᠭᠡᠢ ᠵᠣᠷᠢᠭᠤᠯᠬᠤ ᠡᠷᠬᠢᠮ ᠨᠠᠨᠳᠢᠨ ᠵᠣᠷᠢᠭ ᠰᠠᠨᠠᠭ᠎ᠠ ᠶᠢ ᠲᠦᠪᠯᠡᠷᠡᠭᠦᠯᠥᠨ ᠲᠤᠰᠬᠠᠭᠰᠠᠨ ᠶᠤᠮ᠃ᠲᠠᠷᠬᠠᠭᠠᠬᠤ ᠶᠤᠰᠤᠯᠠᠯ ᠳᠡᠭᠡᠷ᠎ᠡ᠂ ᠵᠢᠶᠠ ᠢᠦᠶ ᠯᠸᠢ᠂ ᠭᠤᠤ ᠶᠦᠩ ᠡᠣ ᠬᠠᠮᠲᠤ ᠪᠠᠷ ︽ᠨᠢᠷᠤᠭᠤᠳ︾ ᠤᠨ ᠬᠦᠰᠢᠬᠡ ᠶᠢ ᠢᠷᠡᠭᠰᠡᠨ ᠤ ᠬᠠᠮᠲᠤ ᠡᠬᠡ ᠪᠢᠴᠢᠭ ᠲᠤᠭᠤᠷᠪᠢᠭᠴᠢᠳ ᠲᠤ ᠰᠢᠨ᠎ᠡ ᠨᠣᠮ ᠬᠦᠷᠭᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号