ᠮᠠᠨ ᠤ ᠬᠤᠰᠢᠭᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/7/29
        ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠢ ᠡᠪᠳᠡᠵᠥ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠪᠠ᠃         6 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠬᠤᠷᠠᠯ ᠬᠤᠷᠠᠯᠳᠤᠭᠤᠯᠵᠤ᠂ ᠲᠤᠰᠬᠠᠶ ᠠᠵᠢᠯᠯᠠᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠂᠂ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠣᠩᠨᠢᠭᠤᠳ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠭᠰᠠᠨ ᠪᠥᠭᠡᠳ ᠲᠡᠷᠡ ᠳᠠᠷᠤᠶ ᠳᠤᠨᠢ ᠣᠩᠨᠢᠭᠤᠳ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠬᠠᠮᠲᠤᠷᠠᠭᠰᠠᠨ ᠬᠡᠷᠡᠭ ᠰᠢᠢᠳᠪᠦᠷᠢᠯᠡᠬᠦ ᠲᠥᠪ ᠢ ᠪᠠᠶᠢᠭᠤᠯᠵᠤ᠂ ︽ᠣᠩᠨᠢᠭᠤᠳ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠪᠣᠳᠠᠲᠠᠶ ᠠᠵᠢᠯ ᠤᠨ ᠡᠭᠦᠷᠭᠡ ᠶᠢ ᠲᠣᠳᠣᠷᠬᠠᠶᠢᠯᠠᠪᠠ᠃       ᠴᠣᠬᠢᠯᠲᠠ ᠦᠭᠬᠦ ᠲᠤᠰᠬᠠᠶ ᠠᠵᠢᠯᠯᠠᠭ᠎ᠠ ᠳᠤ᠂ ᠨᠢᠭᠡ ᠳᠤ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠵᠥ᠂ ᠪᠦᠬᠦᠨ ᠢ ᠴᠡᠭᠴᠡᠯᠡᠨ᠎ᠡ᠃ ᠬᠤᠶᠠᠷ ᠲᠤ᠂ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ᠂ ᠪᠥᠬᠦ ᠬᠤᠰᠢᠭᠤᠨ ᠤ ᠣᠶ ᠰᠢᠭᠤᠶ ᠠᠮᠤ ᠪᠤᠳᠠᠭ᠎ᠠ ᠶᠢ ᠠᠯᠠᠭᠯᠠᠨ ᠲᠠᠷᠢᠭᠰᠠᠨ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠵᠥ᠂ ᠤᠢ ᠰᠢᠭᠤᠢ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠪᠥᠬᠦ ᠲᠠᠯ᠎ᠠ ᠪᠠᠷ ᠴᠠᠭᠠᠵᠠᠯᠠᠨ᠎ᠠ᠂᠂ ᠳᠦᠷᠪᠡ ᠳᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠠᠵᠢᠯ ᠢ ᠴᠢᠬᠤᠯᠠᠴᠢᠯᠠᠵᠤ᠂ ᠣᠶ ᠰᠢᠭᠤᠶ ᠡᠪᠡᠰᠦ ᠪᠡᠯᠴᠢᠭᠡᠷ ᠢ ᠬᠤᠬᠢᠷᠠᠭᠤᠯᠤᠭᠰᠠᠨ ᠠᠯᠢᠪᠠ ᠦᠢᠯᠡ ᠠᠵᠢᠯᠯᠠᠭ᠎ᠠ ᠶᠢ ᠴᠡᠭᠴᠡᠯᠡᠨ᠎ᠡ᠂᠂ 10 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠡᠯ᠎ᠡ ᠭᠠᠴᠠᠭ᠎ᠠ ᠲᠣᠰᠬᠤᠨ ᠳᠤᠭᠤᠶᠢᠯᠠᠩ ᠤᠨ ᠪᠡᠯᠴᠢᠭᠡᠷ ᠤᠨ ᠡᠪᠡᠰᠦᠨ ᠤ ᠭᠠᠷᠤᠯᠲᠠ ᠶᠢᠨ ᠬᠡᠮᠵᠢᠶ᠎ᠡ ᠶᠢ ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠨ᠎ᠠ᠃        ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠡᠯ᠎ᠡ ᠭᠠᠵᠠᠷ ᠲᠠᠢ ᠬᠤᠯᠪᠣᠭᠠᠯᠠᠨ ᠬᠥᠳᠡᠯᠦᠯᠴᠡᠵᠦ᠂ ᠬᠡᠷᠡᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ᠂ ᠭᠠᠵᠠᠷ ᠤᠨ ᠲᠥᠷᠥᠯ ᠤᠨ ᠬᠢᠨᠠᠨ ᠲᠣᠭᠲᠠᠭᠠᠯᠲᠠ᠂ ᠡᠳᠦᠷ ᠤᠨ ᠲᠣᠬᠢᠷᠠᠭᠤᠯᠤᠯᠲᠠ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠭᠰᠠᠨ ᠪᠥᠭᠡᠳ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠪᠠ᠃ᠤᠳᠤᠬᠠᠨ ᠪᠣᠯᠲᠠᠯ᠎ᠠ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ 27 ᠤᠳᠠᠭᠠᠨ ᠤ ᠬᠡᠷᠡᠭ ᠢ ᠬᠡᠷᠡᠭ ᠪᠣᠯᠭᠠᠨ ᠳᠡᠩᠰᠡᠯᠡᠵᠦ᠂ 7 ᠬᠥᠮᠦᠨ ᠳᠤ ᠠᠯᠪᠠᠳᠠᠯᠭ᠎ᠠ ᠶᠢᠨ ᠴᠢᠨᠠᠷᠳᠠᠢ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号