ᠥᠪᠥᠷ ᠮᠣᠩᠭᠤᠯ ᠤᠨ ᠠᠯᠳᠠᠷᠲᠤ ᠵᠢᠷᠤᠭᠴᠢᠨ ᠵᠠᠩ ᠪᠠᠳᠠᠷᠠᠬᠤ ᠣᠩᠨᠢᠭᠤᠳ ᠬᠤᠰᠢᠭᠤᠨ ᠳᠤ ᠢᠷᠡᠵᠦ ᠬᠦᠳᠡᠭᠡ ᠪᠠᠭᠤᠵᠣ ᠦᠵᠡᠮᠵᠢ ᠵᠢᠷᠤᠬᠤ ᠬᠦᠳᠡᠯᠭᠡᠭᠡᠨ ᠥᠷᠨᠢᠭᠦᠯᠪᠡ᠃
ᠨᠡᠶᠢᠲᠡᠯᠡᠭᠰᠡᠨ ᠴᠠᠭ᠄
2024/7/29
         7 ᠰᠠᠷ᠎ᠠ ᠶᠢᠨ 25 ᠤ ᠡᠳᠤᠷ᠂ ᠠᠯᠳᠠᠷᠳᠤ ᠤᠰᠤᠨ ᠪᠣᠳᠤᠭ ᠤᠨ ᠵᠢᠷᠣᠭᠠᠴᠢ᠂ ᠦᠪᠦᠷ ᠮᠤᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠠᠯᠳᠠᠷᠲᠤ ᠵᠢᠷᠣᠭᠴᠢᠨ ᠵᠠᠩ ᠪᠠᠳᠠᠷᠠᠬᠤ ᠮᠠᠨ ᠤ ᠬᠤᠰᠢᠭᠤᠨ ᠳᠤ ᠢᠷᠡᠵᠦ ᠬᠦᠳᠡᠭᠡ ᠪᠠᠭᠤᠵᠤ ᠦᠵᠡᠮᠵᠢ ᠵᠢᠷᠤᠬᠤ ᠬᠦᠳᠡᠯᠭᠡᠭᠡᠨ ᠦᠷᠨᠢᠭᠦᠯᠵᠡᠢ᠃         ᠵᠠᠩ ᠪᠠᠳᠠᠷᠠᠬᠤ ᠮᠠᠨ ᠤ ᠬᠤᠰᠢᠭᠤᠨ ᠤ ᠤᠷᠠᠨ ᠵᠢᠷᠤᠭ ᠤᠨ ᠪᠠᠭ᠋ᠠᠳᠠᠳ ᠦ᠋ ᠳ᠋ᠢ᠂ ᠮᠦ ᠬᠤᠸᠠᠢ ᠰᠢᠤᠸᠠᠢ᠂ ᠬᠡᠰᠢᠭ ᠨᠠᠷ ᠲᠠᠢ ᠬᠠᠮᠲᠦ ᠪᠤᠷᠤᠬᠤᠳᠠ ᠪᠠᠯᠭᠠᠰᠤ ᠶᠢᠨ ᠷᠠᠰᠢᠶᠠᠨ ᠭᠠᠴᠠᠭᠠᠨ ᠤ ᠤᠳᠠᠨ ᠮᠣᠳᠣᠨ ᠣᠢ ᠪᠠᠷ ᠬᠦᠷᠴᠦ ᠤᠷᠠᠨ ᠪᠢᠴᠢᠯᠬᠡ ᠬᠢᠵᠡᠢ᠂ ᠬᠡᠳᠦ᠋ᠢᠪᠡᠷ ᠤᠬᠤᠷᠬᠠᠨ ᠨᠢᠭᠡ ᠡᠳᠦᠷ ᠤᠨ ᠴᠠᠭ ᠵᠠᠷᠤᠴᠠᠭᠤᠯᠤᠭᠰᠠᠨ ᠪᠤᠯᠪᠠᠴᠤ ᠵᠢᠷᠤᠭᠴᠢᠳ ᠦᠪᠡᠷᠮᠢᠴᠠ ᠰᠠᠶᠢᠬᠠᠨ ᠢ ᠪᠠᠭ᠋ᠠᠲᠤᠨ᠂ ᠪᠤᠯᠪᠠᠰᠤᠷᠠᠩᠭᠤᠢ ᠤᠷ᠎ᠠ ᠮᠡᠷᠭᠡᠵᠢᠯ ᠢᠶᠠᠷ ᠢᠶᠠᠨ ᠠᠭᠤᠯᠠ ᠤᠰᠤ ᠶᠢᠨ ᠭᠤᠶᠤᠮᠰᠤᠭ ᠳᠤ ᠬᠠᠶᠢᠷ᠎ᠠ ᠪᠠᠨ ᠢᠯᠡᠳᠭᠡᠵᠤ᠂ ᠣᠷᠭᠢᠯᠤᠮ᠎ᠠ ᠰᠡᠳᠬᠢᠯᠭᠡ ᠪᠠᠨ ᠵᠢᠷᠤᠭᠯᠠᠭᠰᠠᠨ ᠪᠠᠶᠢᠨ᠎ᠠ︕         ᠵᠠᠩ ᠪᠠᠳᠠᠷᠠᠬᠤ ᠣᠩᠨᠢᠭᠤᠳ ᠬᠤᠰᠢᠭᠤᠨ ᠤ ᠡᠳᠡᠭᠡᠷ ᠵᠠᠯᠠᠭᠤ ᠢᠷᠤᠭᠴᠢᠳ ᠲᠠᠢ ᠪᠠᠨ ᠬᠠᠮᠲᠤ ᠡᠨᠡ ᠬᠦ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠲᠤ ᠢᠷᠡᠵᠦ ᠬᠥᠳᠡᠯᠭᠡᠭᠡᠨ ᠬᠢᠭᠰᠡᠨ ᠳᠤ ᠪᠠᠨ ᠮᠠᠰᠢ ᠪᠠᠶᠠᠷᠲᠠᠢ ᠪᠠᠶᠢᠨ᠎ᠠ᠃ ᠣᠩᠨᠢᠭᠤᠳ ᠬᠤᠰᠢᠭᠤ ᠠᠭᠤᠯᠠ ᠲᠠᠢ ᠤᠰᠤ ᠲᠠᠢ ᠦᠵᠡᠮᠵᠢ ᠪᠦᠷᠢᠳᠦᠭᠰᠡᠨ ᠰᠠᠶᠢᠬᠠᠨ ᠭᠠᠵᠠᠷ ᠪᠠᠶᠢᠨ᠎ᠠ᠃ ᠡᠶᠢᠮᠦ ᠠᠴᠠ ᠠᠳᠡ ᠢᠷᠡᠭᠡᠳ ᠯᠠᠪᠲᠠᠶ ᠰᠠᠶᠢᠨ ᠪᠦᠲᠦᠭᠡᠯ ᠭᠠᠷᠭᠠᠵᠤ ᠴᠢᠳᠠᠬᠤ ᠶᠤᠮ ᠭᠡᠵᠡᠢ᠃          ᠪᠠᠳᠠᠷᠠᠬᠤ ᠪᠠᠭᠰᠢ ᠣᠩᠨᠢᠭᠤᠳ ᠬᠤᠰᠢᠭᠤᠨ ᠤ ᠤᠷᠠᠨ ᠵᠢᠷᠤᠭ ᠤᠨ ᠳᠤᠷ᠎ᠠ ᠪᠠᠭ᠋ᠠᠲᠠᠳ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠳᠤᠷᠠᠳᠴᠤ᠂ ᠣᠯᠠᠨ ᠳᠤ ᠶᠡᠭᠡ ᠰᠡᠩᠭᠡᠷᠡᠭᠦᠯᠦᠯ ᠣᠯᠭᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号