ᠬᠤᠰᠢᠭᠤ ᠵᠠᠰᠠᠭ ᠤᠨ ᠣᠷᠳᠣᠨ 2024 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/3
        6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ 2024 ᠣᠨ ᠤ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠳ᠋ᠦᠩ ᠵᠢᠦ ᠪᠢᠩ᠂ ᠴᠠᠭᠠᠨᠪᠠᠭᠠᠲᠤᠷ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ᠂ ᠴᠧᠨ ᠹᠸᠢ ᠬᠤ᠋ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠣᠩᠨᠢᠭᠤᠳ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠶᠠᠷᠢᠯᠴᠠᠨ ᠰᠤᠳᠤᠯᠪᠠ᠃ 2023 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ᠂ ᠪᠥᠬᠦ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ᠂ ᠣᠩᠨᠢᠭᠤᠳ ᠬᠤᠰᠢᠭᠤᠨ ᠤ ︽ᠮᠢᠩᠭᠠᠨ ᠰᠢᠶᠠᠩ ᠲᠦᠮᠡᠨ ᠲᠣᠰᠬᠤᠨ ᠤ ᠠᠵᠢᠯᠯᠠᠭ᠎ᠠ︾ ᠶᠢᠨ ᠲᠤᠷᠰᠢᠯᠲᠠ ᠶᠢᠨ ᠲᠦᠷᠦᠯ ᠵᠦᠢᠯ᠂ ᠣᠩᠨᠢᠭᠤᠳ ᠬᠤᠰᠢᠭᠤᠨ ᠤ ᠭᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠦᠷᠳᠡᠭᠡ ᠶᠢᠨ ᠲᠦᠷᠦᠯ ᠵᠦᠢᠯ᠂ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠦ᠋ ᠹᠧᠨ ᠳ᠋ᠢ ᠳᠠᠬᠢ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠠ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠨᠳᠥᠰᠥᠨ ᠰᠠᠭᠤᠷᠢ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠲᠤᠬᠢᠷᠠᠭᠤᠯᠬᠤ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ 2024 ᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠵᠢᠴᠢ ᠪᠤᠰᠤᠳ ᠪᠡᠯᠡ ᠮᠥᠩᠭᠦ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠩᠨᠢᠭᠤᠳ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠠᠵᠢᠯ ᠤᠨ ᠲᠥᠰᠦᠯ︾ ᠢ ᠶᠠᠷᠢᠯᠴᠠᠨ ᠰᠤᠳᠤᠯᠪᠠ︔ ᠣᠩᠨᠢᠭᠤᠳ ᠬᠤᠰᠢᠭᠤᠨ ᠤ ᠠᠮᠤ ᠪᠤᠳᠠᠭ᠎ᠠ ᠶᠢ ᠬᠠᠭᠰᠠᠭᠠᠬᠤ ᠬᠦᠮᠥᠷᠭᠡ ᠵᠢᠴᠢ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ 2024 ᠣᠨ ᠤ ᠲᠠᠸᠠᠷ ᠤᠨ ᠬᠡᠷ ᠪᠠᠶᠢᠰᠢᠩ᠂ ᠭᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠬᠤᠷᠠᠯ ᠡᠷᠭᠢᠯᠡᠬᠦ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠨᠡ ᠵᠢᠯ ᠤᠨ ᠬᠡᠷᠡᠭᠵᠢᠭᠦᠯᠬᠦ ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠪᠠᠯᠠ ᠣᠷᠣᠭᠤᠯᠤᠯᠲᠠ ᠶᠢ ᠪᠠᠬᠢᠵᠢᠭᠦᠯᠬᠦ ᠡᠭᠦᠷᠭᠡ ᠪᠠ ᠲᠥᠷᠥᠯ ᠵᠦᠢᠯ ᠤᠨ ᠪᠠᠯᠠ ᠮᠥᠩᠭᠦ ᠶᠢ ᠰᠠᠯᠭᠠᠨ ᠥᠭᠬᠦ ᠠᠬᠢᠴᠠ ᠵᠡᠷᠭᠡ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠯ᠎ᠡ ᠵᠦᠢᠯ ᠤᠨ ᠵᠢᠱᠢᠭᠰᠡᠨ ᠬᠠᠷᠠᠯᠲᠠ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠳᠤ ᠮᠥᠷᠳᠡᠨ ᠦᠢᠯᠡᠴᠢᠯᠡᠬᠦ ᠶᠢ ᠦᠨᠡᠨᠬᠦ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠥᠨ ᠰᠢᠢᠳᠪᠥᠷᠢᠯᠡᠵᠥ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠯᠵᠢᠶᠠᠴᠢᠨ ᠤᠷᠢᠬᠤ ᠪᠠᠷ ᠳᠠᠮᠵᠢᠨ᠂ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ᠂ ᠨᠥᠭᠡᠴᠡ ᠬᠦᠴᠦᠨ ᠢ ᠨᠡᠮᠡᠭᠳᠡᠭᠦᠯᠬᠦ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠦᠨᠡᠨ ᠬᠦ ᠲᠥᠯᠥᠪᠯᠡᠨ ᠨᠥᠭᠡᠴᠡᠯᠡᠬᠦ ᠶᠢᠨ ᠬᠠᠮᠲᠤ ᠲᠥᠷᠥᠯ ᠵᠦᠢᠯ ᠤᠨ ᠡᠯᠧᠮᠧᠨ᠋ᠲ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠨ᠂ ᠨᠢᠭᠡ ᠪᠦᠯᠦᠭ ᠢ ᠣᠷᠣᠭᠤᠯᠤᠨ ᠠᠪᠴᠢᠷᠠᠬᠤ᠂ ᠨᠢᠭᠡ ᠪᠦᠯᠦᠭ ᠢ ᠬᠡᠷᠡᠭᠵᠢᠭᠦᠯᠬᠦ᠂ ᠨᠢᠭᠡ ᠪᠦᠯᠦᠭ ᠢ ᠨᠥᠭᠡᠴᠡᠯᠡᠬᠦ ᠤᠭᠰᠤᠷᠤᠭᠰᠠᠨ ᠪᠠᠶᠢᠷᠢᠰᠢᠯ ᠢ ᠦᠨᠡᠨ ᠬᠦ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号