ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ  ᠪᠠᠶᠢᠴᠠᠭᠠᠪᠠ
ᠨᠡᠶᠢᠲᠡᠯᠡᠭᠰᠡᠨ ᠴᠠᠭ᠄
2024/7/3
       7 ᠰᠠᠷ᠎ᠠ ᠶᠢᠨ 3 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠷᠣᠨ ᠨᠤᠲᠤᠭ ᠤᠨ ᠬᠦᠭᠵᠢᠭᠦᠯᠥᠯᠲᠡ ᠶᠢᠨ ᠵᠤᠷᠭᠠᠨ ᠤ ᠳᠡᠳ᠋ ᠳᠠᠷᠤᠭ᠎ᠠ ᠨᠢᠦ ᠰᠢᠶᠤᠤ ᠱᠤ᠋ ᠨᠠᠷ ᠮᠠᠨ ᠤ ᠬᠤᠰᠢᠭᠤᠨ ᠳᠤ ᠢᠷᠡᠵᠦ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠪᠤᠯᠤᠨ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠪᠠᠷ᠎ᠠ ᠪᠣᠯᠵᠣ ᠪᠠᠶᠢᠴᠠᠭᠠᠵᠠᠢ᠃        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢ ᠪᠠᠢ ᠱᠤᠭᠤᠮ ᠤᠨ ᠡᠯᠡᠰᠦ ᠶᠢ ᠰᠡᠷᠭᠡᠶᠢᠯᠡᠬᠦ ᠲᠦᠷᠦᠯ ᠵᠦᠢᠯ ᠤᠨ ᠲᠣᠭᠤᠷᠢᠭ᠂ ᠠᠰᠢᠬᠠᠨ ᠰᠤᠮᠤ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠲᠣᠭᠤᠷᠢᠭ ᠵᠡᠷᠭᠡ ᠭᠠᠵᠠᠷ ᠤᠳ ᠲᠤ ᠬᠦᠷᠴᠦ᠂ ᠲᠦᠷᠦᠯ ᠵᠦᠢᠯ ᠤᠨ ᠠᠬᠢᠴᠠ ᠪᠣᠯᠤᠨ ᠬᠦᠯᠥᠰᠥᠨ ᠠᠵᠢᠯᠴᠢᠳ ᠤᠨ ᠪᠠᠶᠢᠳᠠᠯ ᠢ ᠨᠠᠷᠢᠨ ᠣᠶᠢᠯᠠᠭᠠᠪᠠ᠃        ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠄ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠪᠣᠯ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢ ᠴᠢᠩᠭ᠎ᠠ ᠡᠵᠡᠮᠳᠡᠬᠦ ᠬᠡᠷᠡᠭᠲᠡᠶ᠃ ᠲᠥᠷᠥᠯ ᠵᠦᠢᠯ ᠤᠨ ᠣᠷᠣᠨ ᠤ ᠣᠯᠠᠨ ᠲᠦᠮᠡᠨ ᠢ ᠳᠠᠶᠢᠴᠢᠯᠠᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠮᠠᠯᠴᠢᠨ ᠲᠠᠷᠢᠶᠠᠴᠢᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号