ᠰᠢᠷᠠᠮᠦ᠋ᠷᠡᠨ ᠭᠤᠣᠯ ᠦᠶᠡᠷ ᠤᠨ ᠬᠤᠭᠤᠴᠠᠭᠠᠨ ᠳᠤ ᠣᠷᠣᠯ᠎ᠠ
ᠨᠡᠶᠢᠲᠡᠯᠡᠭᠰᠡᠨ ᠴᠠᠭ᠄
2024/7/30
        ᠬᠠᠶᠢᠯᠠᠰᠤ ᠶᠢᠨ ᠤᠰᠤᠨ ᠠᠰᠢᠬᠯᠠᠯᠲᠠ ᠶᠢᠨ ᠬᠦᠢᠰᠦ 7500 ᠲᠦᠮᠡᠨ ᠪᠤᠰᠤᠭ᠎ᠠ ᠲᠦᠷᠪᠡᠯᠵᠢᠨ ᠮᠤᠲᠷ ᠦᠶᠡᠷ ᠤᠨ ᠤᠰᠤ ᠶᠢ ᠵᠠᠯᠠᠪᠠ᠃         ᠣᠶᠢᠷ᠎ᠠ ᠶᠢᠨ ᠡᠳᠦᠷ ᠤᠳ ᠲᠤ᠂ ᠦᠷᠭᠦᠯᠵᠢᠯᠡᠨ ᠪᠣᠷᠣᠭᠠᠨ ᠤᠷᠤᠭᠰᠠᠨ ᠴᠠᠭ ᠠᠭᠤᠷ ᠤᠨ ᠨᠥᠯᠥᠭᠡ ᠠᠴᠠ ᠪᠣᠯᠵᠣ᠂ ᠰᠢᠷᠠᠮᠥ᠋ᠷᠡᠨ ᠭᠤᠤᠯ ᠦᠶᠡᠷ ᠤᠨ ᠬᠤᠭᠤᠴᠠᠭᠠᠨ ᠳᠤ ᠣᠷᠣᠵᠤ᠂ ᠳᠡᠭᠡᠳᠦ ᠳᠣᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠳᠠᠷᠤᠯᠲᠠ ᠶᠢ ᠨᠠᠮᠳᠠᠭᠤᠯᠬᠤ ᠶᠢᠨ ᠲᠥᠯᠥᠭᠡ᠂ ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠴᠤ ᠬᠠᠮᠠᠭᠠᠯᠠᠬᠤ ᠲᠥᠪ ᠨᠢ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠤᠰᠤᠯᠠᠬᠤ︾ ᠱᠠᠭᠠᠷᠳᠠᠯᠭ᠎ᠠ ᠶᠢ ᠦᠨᠳᠦᠰᠦᠯᠡᠨ᠂ 7 ᠰᠠᠷ᠎ᠠ ᠶᠢᠨ 25 ᠤ ᠡᠳᠦᠷ ᠠᠴᠠ ᠡᠬᠢᠯᠡᠨ ᠦᠶᠡᠷ ᠢ ᠵᠠᠯᠠᠵᠤ᠂ ᠡᠨᠡ ᠨᠢ ᠮᠥᠨ ᠴᠦ ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠡᠨᠡ ᠵᠢᠯ ᠤᠨ ᠠᠩᠬᠠᠳᠠᠭᠴᠢ ᠦᠶᠡᠷ ᠤᠨ ᠣᠷᠭᠢᠯ ᠪᠣᠯᠤᠨ᠎ᠠ᠃         ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠬᠠᠮᠢᠶᠠᠷᠤᠨ ᠬᠠᠮᠠᠭᠠᠯᠠᠬᠤ ᠲᠥᠪ ᠤᠨ ᠳᠡᠳ᠋ ᠡᠷᠬᠢᠯᠡᠭᠴᠢ ᠸᠠᠩ ᠳ᠋ᠢ ᠶᠢᠨ ᠬᠡᠯᠡᠬᠦ ᠪᠠᠷ ᠣᠲᠣ ᠪᠣᠯᠲᠠᠯ᠎ᠠ ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠨᠡᠶᠢᠲᠡ 7500 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠶᠢ ᠵᠠᠯᠠᠵᠠᠢ᠃ 26 ᠤ ᠡᠳᠦᠷ ᠤᠨ 13 ᠴᠠᠭ ᠪᠣᠯᠲᠠᠯ᠎ᠠ᠂ ᠬᠠᠮᠤᠭ ᠤᠨ ᠶᠡᠭᠡ ᠤᠷᠤᠰᠬᠠᠯ ᠤᠨ ᠬᠡᠮᠵᠢᠶ᠎ᠡ ᠨᠢ 80 ᠪᠣᠰᠤᠭ᠎ᠠ ᠳᠥᠷᠪᠡᠯᠵᠢᠨ  ᠮᠧᠲᠷ  ᠪᠣᠯᠵᠠᠢ᠃ ᠡᠭᠦᠨ ᠤ ᠬᠠᠮᠲᠤ᠂ ᠡᠨᠡ ᠵᠢᠯ ᠬᠤᠷ᠎ᠠ ᠪᠣᠷᠣᠭᠠᠨ ᠡᠯᠪᠡᠭ ᠪᠣᠯᠬᠤᠷ ᠳᠣᠣᠷᠠᠳᠤ ᠣᠷᠣᠰᠬᠠᠯ ᠤᠨ ᠠᠮᠢ ᠠᠬᠤᠶ ᠶᠢᠨ ᠤᠰᠤᠨ ᠤ ᠬᠡᠮᠵᠢᠶ᠎ᠡ ᠴᠦ ᠲᠦᠢᠯ ᠤᠨ ᠶᠡᠭᠡ ᠪᠠᠷ ᠰᠠᠶᠢᠵᠢᠷᠠᠭᠤᠯᠪᠠ᠃        ᠵᠠᠯᠭᠠᠭᠠᠳ᠂ ᠬᠠᠶᠢᠯᠠᠰᠤ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠠᠴᠠ ᠪᠣᠳᠠᠲᠠᠶ ᠪᠣᠷᠣᠭᠠᠨ ᠤ ᠪᠠᠶᠢᠳᠠᠯ ᠢ ᠦᠨᠳᠦᠰᠦᠯᠡᠨ᠂ ᠣᠰᠣᠨ ᠤ ᠬᠡᠮᠵᠢᠶ᠎ᠡ ᠶᠢ ᠴᠠᠭ ᠲᠤᠬᠠᠢ ᠳᠤ ᠨᠢ ᠳᠣᠭᠢᠷᠠᠭᠤᠯᠵᠤ᠂ ᠰᠢᠷᠠᠮᠥ᠋ᠷᠡᠨ ᠭᠤᠤᠯ ᠤᠨ ᠳᠡᠭᠡᠳᠦ ᠳᠣᠤᠷᠠᠳᠤ ᠤᠷᠤᠰᠬᠠᠯ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠣᠯᠣᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号