︽ᠭᠠᠴᠠᠭ᠎ᠠ ᠳᠤ ᠬᠦᠷᠬᠦ ᠵᠠᠮ︾ ᠵᠢᠴᠢ 2024 ᠣᠨ ᠤ ︽ᠡᠭᠦᠳᠡᠨ ᠡᠮᠥᠨᠡᠭᠦᠷ ᠦᠩᠭᠡᠷᠡᠬᠦ ᠵᠠᠮ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠥᠪᠥᠷ ᠮᠣᠩᠭᠤᠯ ᠤᠨ ᠠᠶᠠᠯᠠᠯ ᠤᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/30
        7 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠷᠭᠢᠯᠡᠭᠰᠡᠨ ︽ᠭᠠᠴᠠᠭ᠎ᠠ ᠳᠤ ᠬᠦᠷᠬᠦ ᠵᠠᠮ︾ ᠵᠢᠴᠢ 2024 ᠣᠨ ᠤ ︽ᠡᠭᠦᠳᠡᠨ ᠡᠮᠥᠨᠡᠭᠦᠷ ᠦᠩᠭᠡᠷᠡᠬᠦ ᠵᠠᠮ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠥᠪᠥᠷ ᠮᠣᠩᠭᠤᠯ ᠤᠨ ᠠᠶᠠᠯᠠᠯ ᠤᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠢᠢ ᠵᠢᠶᠠ ᠪᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ ᠵᠢᠶᠦ᠋ᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤ᠋ ᠹᠧᠩ ᠶᠠᠨ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ᠃        ᠠᠵᠢᠯᠯᠠᠭ᠎ᠠ ᠳᠡᠭᠡᠷ᠎ᠡ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ ᠵᠡᠷᠭᠡ ᠣᠯᠠᠨ ᠵᠠᠭᠤᠴᠢᠯᠠᠭᠤᠷ ᠢᠶᠠᠷ ᠪᠦᠷᠢᠯᠳᠦᠭᠰᠡᠨ ᠰᠤᠷᠪᠤᠯᠵᠢᠯᠠᠬᠤ ᠪᠦᠯᠬᠦᠮ ᠨᠢ ᠤᠷᠢᠳ ᠬᠤᠵᠢᠳ ᠣᠩᠨᠢᠭᠤᠳ ᠬᠤᠰᠢᠭᠤᠨ ᠤ ᠪᠠᠶᠠᠨᠬᠠᠨ ᠲᠠᠬᠢ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠭᠠᠵᠠᠷ᠂ ᠪᠥᠬᠦ ᠤᠯᠤᠰ ᠤᠨ ︽ᠬᠠᠮᠤᠭ ᠤᠨ ᠭᠤᠶᠣ ᠬᠥᠳᠡᠭᠡ ᠲᠣᠰᠬᠤᠨ ᠤ ᠵᠠᠮ︾ ᠭᠡᠵᠥ ᠨᠡᠷᠡᠶᠢᠳᠥᠭᠳᠡᠭᠰᠡᠨ ᠪᠣᠷᠣᠬᠤᠲᠠ ᠠᠴᠠ ᠪᠠᠶᠠᠨᠳᠤᠬᠤᠢ ᠬᠦᠷᠬᠦ ᠵᠠᠰᠠᠮᠠᠯ ᠵᠠᠮ᠂ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠡᠷᠭᠡ ᠭᠠᠵᠠᠷ ᠲᠤ ᠬᠦᠷᠪᠡ᠂᠂ ᠲᠡᠳᠡ ᠲᠤᠬᠠᠢ ᠶᠢᠨ ᠲᠠᠯᠠᠪᠠᠢ ᠳᠤ ᠬᠤᠷᠴᠢᠨ ᠤ ᠡᠯᠡᠰᠦᠷᠬᠡᠭ ᠭᠠᠵᠠᠷ ᠢ ᠵᠠᠰᠠᠭᠰᠠᠨ ᠦᠷ᠎ᠡ ᠪᠦᠲᠦᠭᠡᠯ᠂ ︽ᠵᠠᠮ ᠢᠶᠠᠷ ᠡᠯᠡᠰᠦ ᠶᠢ ᠵᠠᠰᠠᠬᠤ︾ ᠲᠤᠷᠰᠢᠯᠭ᠎ᠠ ᠠᠷᠭ᠎ᠠ ᠬᠢᠳᠡᠯ ᠢ ᠬᠡᠷᠡᠭᠯᠡᠭᠰᠡᠨ ᠪᠠ ᠳᠡᠯᠭᠡᠷᠡᠭᠦᠯᠦᠭᠰᠡᠨ᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠤᠭᠰᠠᠨ︾ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠭᠰᠡᠨ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠲᠡᠳᠡ ᠪᠠᠰᠠ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠮᠡᠳᠡᠭᠡᠯᠡᠵᠦ᠂ ᠡᠨᠡᠬᠦ ᠠᠷᠠᠳ ᠣᠯᠠᠨ ᠤ ᠬᠡᠷ ᠤᠨ ᠡᠭᠦᠳᠡᠨ ᠳᠠᠬᠢ ᠪᠠᠶᠠᠵᠢᠯ ᠤᠨ ᠵᠠᠮ᠂ ᠵᠣᠯ ᠵᠢᠷᠭᠠᠯᠲᠤ ᠵᠠᠮ᠂ ᠰᠡᠳᠬᠢᠯ ᠵᠢᠷᠦᠬᠡ ᠪᠠᠨ ᠬᠤᠯᠪᠣᠭᠰᠠᠨ ᠵᠠᠮ᠂ ᠬᠥᠭᠵᠢᠯ ᠮᠠᠨᠳᠤᠯ ᠤᠨ ᠵᠠᠮ ᠢ ᠠᠮᠢᠳᠤᠯᠢᠭ ᠢᠶᠠᠷ ᠳᠡᠯᠭᠡᠨ ᠦᠵᠡᠭᠦᠯᠥᠨ᠎ᠡ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号