ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠰᠣᠯᠢᠯᠴᠠᠭᠠᠨ ᠤ ᠲᠣᠭᠤᠷᠢᠨ ᠦᠵᠡᠬᠦ ᠠᠵᠢᠯᠯᠠᠭ᠎ᠠ ᠮᠠᠨ ᠤ ᠬᠤᠰᠢᠭᠤᠨ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/7/30
        7 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠰᠤᠯᠢᠯᠴᠠᠭᠠᠨ ᠤ ᠲᠣᠭᠤᠷᠢᠨ ᠦᠵᠡᠬᠦ ᠪᠦᠯᠬᠦᠮ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠬᠠᠶ ᠶᠢᠨ ᠲᠠᠯᠠᠪᠠᠶ ᠳᠤ ᠲᠣᠭᠤᠷᠢᠨ ᠦᠵᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠱᠸᠤ ᠰᠢᠤᠸᠠᠢ ᠪᠠᠷ᠎ᠠ ᠪᠣᠯᠵᠣ ᠲᠣᠭᠤᠷᠢᠨ ᠦᠵᠡᠪᠡ᠃        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠴᠢᠶᠣᠤ ᠳᠧᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠪᠦᠯᠢ᠂ ᠥᠪᠥᠷ ᠮᠣᠩᠭᠤᠯ ᠤᠨ ᠮᠢᠩ ᠶᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ ᠲᠣᠭᠤᠷᠢᠨ ᠦᠵᠡᠵᠦ᠂ ᠣᠯᠠᠨ ᠢᠶᠠᠷ ᠢᠶᠠᠨ ᠬᠢᠨᠠᠮᠠᠭᠠᠶ ᠰᠣᠨᠣᠰᠴᠤ᠂ ᠨᠠᠷᠢᠨ ᠦᠵᠡᠵᠦ᠂ ᠬᠠᠯᠠᠭᠤᠨ ᠢᠶᠠᠷ ᠠᠰᠠᠭᠤᠵᠤ᠂ ᠲᠥᠯᠥᠭᠡᠯᠡᠭᠴᠢᠳ ᠤᠨ ᠬᠡᠷ ᠪᠦᠯᠢ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ᠂ ᠲᠥᠯᠥᠭᠡᠯᠡᠭᠴᠢ ᠶᠢᠨ ᠡᠳᠦᠷ ᠲᠤᠲᠤᠮ ᠤᠨ ᠬᠠᠮᠢᠶᠠᠷᠤᠯᠲᠠ᠂ ᠲᠥᠯᠥᠭᠡᠯᠡᠭᠴᠢ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠤᠷᠰᠢᠯᠭ᠎ᠠ ᠠᠷᠭ᠎ᠠ ᠠᠪᠴᠢᠯ ᠵᠡᠷᠭᠡ ᠶᠢ ᠭᠦᠶ᠋ᠴᠡᠳ ᠨᠤᠲᠠᠯᠠᠪᠠ᠃ᠲᠡᠳᠡ ᠴᠦᠮ ᠲᠤᠰ ᠭᠠᠵᠠᠷ ᠤᠨ ᠰᠠᠭᠤᠷᠢ ᠠᠵᠢᠯ ᠯᠠᠪᠳᠠᠭᠤᠨ ᠪᠠᠲᠤᠲᠠᠶ᠂ ᠲᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠪᠦᠲᠦᠨ᠂ ᠲᠥᠯᠥᠭᠡᠯᠡᠭᠴᠢ ᠶᠢ ᠬᠢᠨᠠᠨ ᠰᠢᠯᠭᠠᠬᠤ ᠲᠣᠭᠲᠠᠴᠠ ᠲᠡᠭᠦᠯᠳᠡᠷᠵᠢᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠥᠯᠥᠭᠡᠯᠡᠭᠴᠢᠳ ᠲᠠᠢ ᠬᠠᠷᠢᠯᠴᠠᠬᠤ᠂ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠦᠢᠯᠡᠳᠦᠯ ᠢ ᠦᠨᠡᠨ ᠬᠦ ᠪᠠᠳᠠᠷᠠᠭᠤᠯᠪᠠ ᠭᠡᠵᠦ ᠢᠯᠡᠳᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号