ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠯᠤᠤ ᠲᠤᠭᠯᠠᠭᠤᠯᠬᠤ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/30
        7 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠯᠤᠤ ᠭᠠᠷᠤᠳᠢ ᠶᠢᠨ ᠦᠯᠵᠡᠶᠢᠳᠥ ᠨᠤᠲᠤᠭ ᠤᠨ ᠯᠤᠤ ᠲᠤᠭᠯᠠᠭᠤᠯᠬᠤ ᠤᠷᠤᠯᠳᠤᠭᠠᠨ ᠮᠠᠨ ᠤ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠦᠪᠦᠷ ᠮᠤᠩᠭᠤᠯ ᠤᠨ ᠯᠤᠤ ᠠᠷᠰᠯᠠᠨ ᠲᠤᠭᠯᠠᠭᠤᠯᠬᠤ ᠬᠦᠳᠡᠯᠬᠡᠬᠡᠨ ᠤ ᠨᠡᠶᠢᠬᠡᠮᠯᠢᠭ ᠠᠴᠠ ᠤᠩᠨᠢᠭᠤᠳ ᠬᠤᠰᠢᠭᠤᠨ ᠳᠤ ︽ᠯᠤᠤ ᠠᠷᠰᠯᠠᠨ ᠲᠤᠭᠯᠠᠭᠤᠯᠬᠤ ᠶᠢ ᠤᠯᠠᠮᠵᠢᠯᠠᠨ ᠵᠠᠯᠭᠠᠮᠵᠢᠯᠠᠬᠤ ᠰᠠᠭᠤᠷᠢᠨ︾ ᠬᠡᠬᠦ ᠴᠤᠯᠠ ᠬᠦᠷᠲᠡᠭᠡᠪᠡ᠃         ᠪᠡᠭᠡᠵᠢᠩ᠂ ᠾᠧᠪᠸᠢ᠂ ᠯᠢᠶᠣᠤᠨᠢᠩ᠂ ᠱᠠᠨᠳᠦ᠋ᠩ᠂ ᠥᠪᠥᠷ ᠮᠣᠩᠭᠤᠯ ᠵᠡᠷᠭᠡ ᠭᠠᠵᠠᠷ ᠠᠴᠠ ᠢᠷᠡᠭᠰᠡᠨ 9 ᠲᠥᠯᠥᠭᠡᠯᠡᠭᠴᠢᠳ ᠤᠨ ᠠᠩᠭᠢ ᠬᠤᠶᠠᠷ ᠡᠳᠦᠷ ᠤᠨ ᠬᠤᠭᠤᠴᠠᠭᠠᠨ ᠳᠤ ᠬᠠᠮᠲᠤ ᠪᠠᠷ ᠲᠠᠶᠢᠰᠠᠨ ᠳᠤ ᠭᠠᠷᠴᠤ ᠯᠤᠤ ᠲᠤᠭᠯᠠᠭᠤᠯᠤᠭᠰᠠᠨ ᠪᠠᠶᠢᠨ᠎ᠠ᠃        ᠤᠷᠤᠯᠳᠤᠭᠠᠨ ᠤ ᠲᠠᠯᠠᠪᠤᠷ ᠲᠤ᠂ ᠠᠳᠠᠯᠢ ᠪᠤᠰᠤ ᠨᠠᠰᠤᠨ ᠤ ᠪᠦᠵᠢᠭᠴᠢᠳ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠵᠤ᠂ ᠥᠩᠭᠡᠲᠦ ᠯᠤᠤ ᠲᠤᠭᠯᠠᠭᠤᠯᠤᠨ᠂ ᠦᠰᠥᠷᠥᠨ ᠳᠡᠪᠬᠡᠷᠡᠵᠥ᠂ ᠵᠡᠭᠦᠨᠰᠢ ᠪᠠᠷᠠᠭᠤᠨᠰᠢ ᠮᠤᠷᠤᠯᠵᠠᠨ ᠯᠤᠤ ᠶᠢᠨ ᠲᠤᠯᠤᠭᠠᠢ ᠰᠠᠵᠢᠯᠬᠢᠯᠠᠵᠤ᠂ ᠦᠨᠡᠨ ᠯᠤᠤ ᠲᠤᠭᠯᠠᠵᠤ ᠪᠠᠶᠢᠬᠤ ᠰᠢᠭ ᠦᠵᠡᠭᠴᠢᠳ ᠲᠦᠮᠡᠨ ᠤ ᠠᠩᠬᠠᠷᠤᠯ ᠢ ᠳᠠᠲᠠᠵᠤ ᠪᠠᠶᠢᠯ᠎ᠠ᠃         ᠯᠤᠤ ᠪᠣᠯ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠲᠣᠲ᠋ᠧᠮ ᠪᠠ ᠥᠪᠡᠷᠮᠢᠴᠡ ᠤᠶᠤᠨ ᠰᠠᠨᠠᠭᠠᠨ ᠤ ᠪᠡᠯᠭᠡ ᠳᠡᠮᠪᠡᠷᠢᠯ ᠪᠣᠯᠬᠤ ᠶᠤᠮ᠂᠂ ᠪᠠᠰᠠ ᠴᠤ ᠳᠤᠮᠳᠠᠳᠤ ᠶᠢᠨ ᠪᠣᠯᠪᠠᠰᠤᠨ ᠪᠠ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠤᠬᠴᠠᠵᠢᠯᠳᠠ ᠶᠢᠨ ᠪᠡᠯᠭᠡ ᠲᠡᠮᠳᠡᠭ ᠪᠤᠯᠬᠤ ᠶᠤᠮ᠃ ᠯᠤᠤ ᠲᠤᠭᠯᠠᠭᠤᠯᠬᠤ ᠨᠢ ᠯᠣᠣ ᠶᠢᠨ ᠰᠣᠶᠣᠯ ᠤᠨ ᠰᠠᠭᠤᠷᠢᠨ ᠳᠡᠭᠡᠷ᠎ᠡ ᠬᠦᠳᠡᠯᠮᠥᠷᠢᠴᠢᠨ ᠠᠷᠠᠳ ᠲᠦᠮᠡᠨ ᠤ ᠵᠣᠷᠢᠭ ᠰᠠᠨᠠᠭ᠎ᠠ ᠶᠢ ᠢᠯᠡᠷᠡᠭᠦᠯᠬᠦ ᠪᠠᠷ ᠠᠴᠢᠶᠠᠯᠠᠭᠴᠢ ᠪᠤᠯᠭᠠᠭᠰᠠᠨ ᠪᠠᠶᠢᠳᠠᠭ᠃ ᠣᠶᠢᠷ᠎ᠠ ᠶᠢᠨ ᠵᠢᠯ ᠤᠳ ᠲᠤ᠂ ᠯᠤᠤ ᠲᠤᠭᠯᠠᠭᠤᠯᠬᠤ ᠪᠥᠵᠢᠭ ᠨᠢ ᠨᠢᠭᠡᠨᠲᠡ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠮᠡᠷᠭᠡᠵᠢᠯᠴᠢᠯᠡᠭᠰᠡᠨ᠂ ᠳᠡᠯᠡᠬᠡᠶᠢᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠵᠤᠭ᠎ᠠ ᠴᠡᠩᠭᠡᠯ᠂ ᠪᠠᠶᠠᠷ ᠪᠠᠭ᠋ᠠᠳᠤᠯ᠂ ᠤᠷᠤᠯᠳᠤᠭᠠᠨ ᠪᠠ ᠪᠡᠶ᠎ᠡ ᠴᠢᠭᠢᠷᠠᠭᠵᠢᠭᠤᠯᠬᠤ ᠣᠯᠠᠨ ᠵᠦᠢᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠰᠣᠶᠣᠯ ᠤᠨ ᠠᠵᠢᠯᠯᠠᠭ᠎ᠠ ᠪᠤᠯᠤᠨ ᠬᠦᠭᠵᠢᠭᠰᠡᠨ ᠪᠠᠶᠢᠨ᠎ᠠ᠃         ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠤᠯᠠᠭᠠᠨᠬᠠᠳᠠ ᠶᠢᠨ ᠠᠷᠰᠯᠠᠨ ᠲᠤᠭᠯᠠᠭᠤᠯᠬᠤ ᠨᠡᠶᠢᠭᠡᠮᠯᠢᠭ ᠤᠨ ᠵᠢᠷᠤᠮᠲᠤ ᠠᠷᠰᠯᠠᠨ ᠤ ᠲᠠᠩᠬᠢᠮ ᠤᠨ ᠯᠤᠤ ᠠᠷᠰᠯᠠᠨ ᠲᠤᠭᠯᠠᠭᠤᠯᠬᠤ ᠪᠦᠯᠬᠦᠮ ᠨᠢ ᠤᠷᠤᠯᠳᠤᠭᠠᠨ ᠳᠤ ᠮᠠᠩᠯᠠᠶᠢᠯᠠᠪᠠ᠃         ᠳᠤᠮᠳᠠᠳᠤ ᠶᠢᠨ ᠯᠤᠤ ᠶᠢᠨ ᠳᠤᠮᠤᠭ ᠪᠣᠯ ᠤᠳᠤᠮ ᠰᠤᠳᠤᠷ ᠨᠢᠭᠡᠲᠡᠢ᠃ ᠮᠠᠨ ᠤ ᠬᠤᠰᠢᠭᠤᠨ ᠤ ︽ᠯᠤᠤ ᠶᠢᠨ ᠰᠣᠶᠣᠯ︾ ᠪᠤᠯ ᠤᠯᠠᠭᠠᠨ ᠬᠠᠳᠠ ᠶᠢᠨ ᠰᠣᠶᠣᠯ ᠤᠨ ᠴᠢᠬᠤᠯᠠ ᠪᠦᠷᠢᠯᠳᠥᠭᠦᠨ ᠬᠡᠰᠡᠭ ᠪᠣᠯᠬᠤ ᠶᠤᠮ᠃ ᠤᠷᠢᠳ ᠬᠤᠵᠢᠳ ᠤᠯᠠᠭᠠᠨ ᠬᠠᠳᠠ ᠶᠢᠨ ᠰᠣᠶᠣᠯ ᠤᠨ ᠴᠠᠭ ᠦᠶ᠎ᠡ ᠶᠢᠨ ︽ᠨᠣᠮᠢᠨ ᠬᠠᠰ ᠯᠤᠤ ᠪᠠ ᠰᠢᠷ᠎ᠠ ᠬᠠᠰ ᠯᠤᠤ︾ ᠢᠯᠡᠷᠡᠭᠰᠡᠨ ᠢᠶᠠᠷ ᠢᠶᠠᠨ᠂ ︽ᠬᠠᠰ ᠯᠤᠤ ᠶᠢᠨ ᠨᠤᠲᠤᠭ︾ ᠭᠡᠵᠦ ᠠᠯᠳᠠᠷᠰᠢᠭᠰᠠᠨ ᠪᠢᠯᠡ᠃ 2024 ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ︽ᠣᠩᠨᠢᠭᠤᠳ ᠬᠤᠰᠢᠭᠤᠨ ᠤ ᠬᠠᠰ ᠯᠤᠤ ᠰᠣᠶᠣᠯ ᠤᠨ ᠠᠵᠢᠯᠯᠠᠭᠠᠨ ᠤ ᠰᠠᠷ᠎ᠠ︾ ᠶᠢ ᠲᠥᠰᠦᠪᠯᠡᠨ ᠭᠠᠷᠭᠠᠵᠤ᠂ ᠪᠠᠶᠠᠯᠢᠭ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠢᠳᠡᠪᠬᠢᠲᠡᠢ ᠪᠡᠯᠡᠳᠬᠡᠨ ᠡᠷᠬᠢᠯᠡᠵᠦ᠂ ᠰᠢᠯᠢᠳᠡᠭ ᠤᠯᠠᠮᠵᠢᠯᠠᠯᠲᠤ ᠰᠣᠶᠣᠯ᠂ ᠪᠠᠶᠢᠭᠠᠯᠢ ᠶᠢᠨ ᠥᠩᠭᠡ ᠦᠵᠡᠮᠵᠢ ᠪᠣᠯᠤᠨ ᠤᠨᠴᠠᠯᠢᠬᠳᠤ ᠲᠠᠷᠢᠶᠠᠯᠠᠩ ᠮᠠᠯᠵᠢᠯ ᠤᠨ ᠠᠰᠢᠭ ᠰᠢᠮ᠎ᠡ ᠤᠨ ᠪᠦᠲᠦᠭᠡᠭᠳᠡᠬᠦᠨ ᠵᠡᠷᠭᠡ ᠳᠤ ᠳᠡᠯᠭᠡᠨ ᠦᠵᠡᠭᠦᠯᠵᠥ ᠪᠤᠷᠤᠯᠠᠭᠤᠯᠬᠤ ᠲᠠᠪᠴᠠᠩ ᠬᠠᠩᠭᠠᠵᠤ᠂ ︽ᠯᠤᠤ ᠭᠠᠷᠤᠳᠢ ᠶᠢᠨ ᠦᠯᠵᠡᠶᠢᠳᠥ ᠨᠤᠲᠤᠭ︾ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠠᠯᠳᠠᠷᠰᠢᠯ ᠢ ᠬᠦᠴᠦᠯᠡᠨ ᠲᠡᠭᠦᠯᠳᠡᠷᠵᠢᠭᠦᠯᠵᠥ᠂ ︽ᠰᠣᠶᠣᠯ ᠢᠶᠠᠷ ᠵᠤᠭᠠᠴᠠᠯ ᠢ ᠠᠬᠢᠭᠤᠯᠵᠤ᠂ ᠵᠤᠭᠠᠴᠠᠯ ᠢᠶᠠᠷ ᠰᠣᠶᠣᠯ ᠢ ᠢᠳᠡᠭᠡᠰᠢᠭᠦᠯᠬᠦ︾ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号