ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠤᠷ ᠢ ᠬᠠᠮᠠᠭᠠᠯᠠᠵᠤ ᠴᠠᠭᠳᠠᠨ ᠲᠤᠭᠤᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
        7 ᠰᠠᠷ᠎ᠠ ᠶᠢᠨ 2 ᠤᠨ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠤ ᠵᠤᠨ ᠤ ᠰᠥᠨᠢ ᠶᠢᠨ ᠠᠮᠤᠷ ᠢ ᠬᠠᠮᠠᠭᠠᠯᠠᠵᠤ ᠴᠠᠭᠳᠠᠨ ᠲᠤᠭᠤᠷᠢᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠪᠤᠯᠤᠨ ᠡᠮᠬᠢ ᠳᠢᠭᠯᠢᠮ ᠢ ᠬᠦᠴᠦᠲᠡᠢ ᠬᠠᠮᠠᠭᠠᠯᠠᠪᠠ᠃ ᠳ᠋ᠠᠶ ᠢᠦᠶ ᠬᠤᠸᠠ ᠠᠵᠢᠯᠯᠠᠭ᠎ᠠ ᠳᠤ ᠣᠷᠣᠯᠴᠠᠵᠠᠶ᠃        ᠲᠣᠰ ᠤᠳᠠᠭᠠᠨ ᠤ ᠠᠮᠤᠷ ᠢ ᠬᠠᠮᠠᠭᠠᠯᠠᠵᠤ ᠴᠠᠭᠳᠠᠨ ᠲᠤᠭᠤᠷᠢᠬᠤ ᠠᠵᠢᠯᠯᠠᠭ᠎ᠠ ᠨᠢ ︽ᠴᠣᠬᠢᠯᠲᠠ ᠥᠭᠬᠦ᠂ ᠪᠠᠶᠢᠴᠠᠭᠠᠬᠤ᠂ ᠴᠠᠭᠳᠠᠬᠤ᠂ ᠬᠠᠮᠢᠶᠠᠷᠬᠤ᠂ ᠤᠬᠠᠭᠤᠯᠬᠤ︾ ᠪᠠᠷ ᠭᠤᠤᠯᠳᠠᠯᠭ᠎ᠠ ᠪᠤᠯᠭᠠᠵᠤ᠂ ᠰᠥᠨᠢ ᠳᠦᠯᠢ ᠪᠠᠷ ᠶᠠᠯᠠᠲᠤ ᠬᠡᠷᠡᠭ ᠦᠢᠯᠡᠳᠦᠭᠴᠢᠳ ᠲᠤ ᠴᠢᠩᠭ᠎ᠠ ᠴᠤᠬᠢᠯᠲᠠ ᠦᠭᠬᠦ ᠪᠠᠷ ᠵᠤᠷᠢᠯᠭ᠎ᠠ ᠪᠤᠯᠭᠠᠨ᠂ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠭᠰᠠᠨ ᠪᠠᠶᠢᠨ᠎ᠠ᠃        ᠠᠵᠢᠯᠯᠠᠭ᠎ᠠ ᠶᠢᠨ ᠳᠤᠮᠳᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠡᠶᠢᠲᠡ 775 ᠴᠠᠭᠳᠠᠭ᠎ᠠ᠂ 56 ᠴᠠᠭᠳᠠᠭᠠᠨ ᠲᠡᠷᠭᠡ᠂ 103 ᠨᠡᠶᠢᠭᠡᠮ ᠤᠨ ᠬᠦᠮᠥᠨ ᠢ ᠳᠠᠶᠢᠴᠢᠯᠠᠨ᠂ ᠪᠠᠶᠢᠴᠠᠭᠠᠨ ᠡᠵᠡᠮᠳᠡᠬᠦ᠂ ᠵᠠᠮ ᠬᠠᠷᠢᠯᠴᠠᠭᠠᠨ ᠤ ᠴᠡᠭᠴᠡᠯᠡᠯᠲᠡ ᠵᠡᠷᠭᠡ 15 ᠬᠤᠷᠢᠭ᠎ᠠ ᠴᠡᠭ ᠭᠠᠷᠭᠠᠵᠤ᠂ ᠰᠡᠵᠢᠭᠯᠡᠯᠲᠡᠶ ᠬᠥᠮᠦᠨ ᠪᠤᠯᠤᠨ ᠲᠡᠷᠭᠡ ᠬᠥᠰᠬᠡ ᠶᠢ ᠪᠠᠶᠢᠴᠠᠭᠠᠬᠤ ᠪᠠᠷ ᠳᠡᠮᠵᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠭᠰᠠᠨ ᠢᠶᠠᠷ ᠪᠠᠷᠠᠬᠤ ᠦᠭᠡᠢ 3 ᠡᠷᠡᠭᠦᠦ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ 7 ᠬᠠᠤᠯᠢ ᠠᠴᠠ ᠵᠥᠷᠢᠴᠡᠭᠰᠡᠨ ᠰᠡᠵᠢᠭᠳᠡᠨ ᠢ ᠪᠠᠷᠢᠪᠴᠢᠯᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号