ᠮᠥᠩᠬᠡ ᠰᠢᠨᠡᠰᠦ᠋ᠮ᠎ᠡ ᠰᠤᠮᠤ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/8
         7 ᠰᠠᠷ᠎ᠠ ᠶᠢᠨ 4 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠰᠢᠨᠡᠰᠦ᠋ᠮ᠎ᠡ ᠰᠤᠮᠤ ᠶᠢᠨ ᠪᠠᠶᠠᠨᠨᠠᠭᠤᠷ ᠭᠠᠴᠠᠭ᠎ᠠ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠢᠴᠢᠶᠡᠯ ᠣᠷᠣᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠰᠤᠷᠤᠯᠴᠠᠵᠤ ᠪᠤᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃         ᠨᠠᠮ ᠤᠨ ᠬᠢᠴᠢᠶᠡᠯ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠤᠯᠤᠨ ᠨᠠᠮ ᠤᠨ ᠰᠠᠬᠢᠯᠭ᠎ᠠ ᠪᠠᠲᠤ ᠪᠣᠯ ᠨᠠᠮ ᠤᠨ ᠭᠡᠰᠢᠭᠦᠨ ᠺᠠᠳ᠋ᠷᠴᠤᠳ ᠤᠨ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠮᠥᠨ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠪᠣᠯ ᠡᠯ᠎ᠡ ᠵᠦᠢᠯ ᠤᠨ ᠠᠵᠢᠯ ᠢ ᠤᠷᠤᠭᠰᠢᠲᠠᠶ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠦᠨ ᠵᠡᠷᠭᠡ ᠠᠭᠤᠯᠭ᠎ᠠ ᠪᠠᠷ ᠰᠢᠰᠲ᠋ᠧᠮ ᠲᠠᠢ ᠥᠭᠦᠯᠡᠪᠡ᠃         ᠮᠦᠩᠬᠡ ᠴᠢᠩᠭᠠᠳᠬᠠᠭᠰᠠᠨ ᠨᠢ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠢ ᠴᠢᠩᠭ᠎ᠠ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠪᠦᠬᠦ ᠲᠠᠯ᠎ᠠ ᠪᠠᠷ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠶᠢ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠲᠥᠷᠥ ᠶᠢᠨ ᠵᠤᠭᠰᠤᠴᠠ᠂ ᠰᠠᠬᠢᠯᠭ᠎ᠠ ᠪᠠᠲᠤ ᠶᠢᠨ ᠵᠢᠷᠥᠮᠯᠡᠯ᠂ ᠶᠣᠰᠣ ᠰᠤᠷᠲᠠᠬᠤᠨ ᠤ ᠪᠠᠷᠢᠮᠲᠠᠯᠠᠯ ᠪᠤᠯᠤᠨ ᠢᠯᠵᠠᠷᠠᠯ ᠢ ᠡᠰᠡᠷᠭᠦᠴᠡᠬᠦ ᠬᠦᠴᠦᠯᠡᠴᠡ ᠪᠠᠨ ᠦᠨᠡᠨ ᠬᠦ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠤᠳᠠᠳᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃         ᠰᠢᠨᠡᠰᠦ᠋ᠮ᠎ᠡ ᠰᠤᠮᠤ ᠶᠢᠨ ᠤᠳᠤᠷᠢᠳᠬᠤ ᠪᠠᠭ᠂ ᠪᠠᠶᠠᠨᠨᠠᠭᠤᠷ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠪᠣᠯᠤᠨ ᠬᠡᠰᠡᠭ ᠨᠠᠮ ᠤᠨ ᠬᠡᠰᠢᠭᠦᠳ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号