ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 120 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/8
       7 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠸᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 120 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠮᠥᠩᠬᠡ᠂ ᠰᠦᠨ ᠮᠢᠩ ᠲᠤᠤ᠂ ᠾᠧᠦ ᠭᠦᠸᠧ ᠵᠢᠩ᠂ ᠭᠤᠤ ᠶᠦᠩ ᠡᠤ᠂ ᠯᠢ ᠶᠠ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠵᠠᠩ ᠵᠢᠦ ᠫᠥᠸᠧ᠂ ᠳ᠋ᠦᠩ ᠵᠢᠦ ᠪᠢᠩ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠧᠵᠢᠶᠠᠩ ᠮᠤᠵᠢ ᠶᠢᠨ ᠯᠢ ᠱᠦᠢ ᠬᠤᠳᠠ ᠶᠢᠨ ᠵᠢᠩ ᠨᠢᠩ ᠤᠨ ᠱᠤ᠋ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠦᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠵᠢᠴᠢ ᠲᠥᠪ ᠤᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃        ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠤᠬᠰᠠᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠰᠠᠯᠬᠢ ᠭᠡᠷᠡᠯ ᠡᠯᠡᠰᠦᠨ ᠤ ᠡᠨᠧᠷᠭᠢ ᠶᠢᠨ ᠬᠠᠳᠠᠭᠠᠯᠠᠮᠵᠢ ᠪᠤᠯᠤᠨ ᠦᠨᠳᠥᠷ ᠠᠴᠢᠶᠠᠯᠠᠪᠤᠷᠢ ᠶᠢᠨ ᠡᠨᠧᠷᠭᠢ ᠶᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠰᠤᠩᠭᠤᠬᠤ᠂ ᠲᠤᠬᠠᠢ ᠶᠢᠨ ᠭᠠᠵᠠᠷ ᠠᠴᠠ ᠠᠵᠢᠯᠴᠢᠨ ᠬᠡᠷᠡᠭᠯᠡᠬᠦ᠂ ᠴᠢᠬᠢ ᠮᠣᠳᠣ ᠲᠠᠷᠢᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ᠂ ᠨᠥᠬᠦᠪᠥᠷᠢ ᠣᠯᠭᠤᠬᠤ ᠵᠡᠷᠭᠡ ᠲᠠᠯ᠎ᠠ ᠪᠠᠷ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠢᠶᠠᠨ ᠭᠦᠨᠵᠡᠭᠡᠢ᠂ ᠨᠠᠷᠢᠯᠢᠭ᠂ ᠲᠦᠢᠯᠪᠤᠷᠢᠳᠠᠢ ᠬᠢᠬᠦ ᠬᠡᠷᠡᠭᠲᠡᠢ ᠭᠡᠵᠡᠢ᠃        ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠵᠢᠱᠢᠶ᠎ᠡ ᠦᠵᠡᠭᠦᠯᠬᠦ ᠶᠢ ᠠᠳᠬᠤᠬᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ᠂ ᠰᠠᠭᠤᠷᠢᠨ ᠭᠠᠵᠠᠷ ᠪᠠᠶᠢᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ ᠨᠠᠷᠢᠨ ᠨᠢᠮᠪᠠᠢ ᠪᠠᠶᠢᠭᠤᠯᠵᠤ᠂ ᠢᠯᠡ ᠲᠣᠳᠣ ᠲᠦᠷᠦᠭᠳᠡᠯ ᠲᠠᠢ ᠪᠦᠲᠦᠮᠵᠢᠲᠡᠢ ᠠᠴᠢᠶᠠᠯᠠᠪᠤᠷᠢ ᠶᠢ ᠪᠤᠢ ᠪᠣᠯᠭᠠᠬᠤ ᠬᠡᠷᠡᠭᠲᠡᠢ᠃ ᠡᠭᠦᠳᠦᠨ ᠪᠦᠲᠦᠭᠡᠬᠦ ᠪᠠᠷ ᠪᠦᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠶ ᠭᠡᠪᠡ᠃        ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠥᠪᠵᠢᠭᠦᠯᠵᠥ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠢ‌‍ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠴᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠵᠤ᠂ ᠠᠵᠤ ᠦᠢᠯᠡᠳᠪᠥᠷᠢ ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠵᠤ᠂ ︽ᠨᠢᠭᠡᠳᠥᠭᠡᠷ ᠠᠵᠤ ᠦᠢᠯᠡᠰ ᠢ ᠬᠦᠴᠥᠷᠬᠡᠭᠵᠢᠭᠦᠯᠵᠥ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ᠂ ᠭᠤᠷᠪᠠᠳᠤᠭᠠᠷ ᠠᠵᠤ ᠦᠢᠯᠡᠰ ᠢ ᠠᠮᠢᠳᠤᠯᠢᠭ ᠪᠣᠯᠭᠠᠬᠤ︾ ᠶᠢ ᠪᠠᠷᠢᠮᠲᠠᠯᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠠᠵᠢᠯ ᠢ ᠭᠦᠨᠵᠡᠭᠡᠶ ᠠᠬᠢᠭᠤᠯᠬᠤ ᠬᠡᠷᠡᠭᠳᠡᠢ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠨᠡᠶᠢᠭᠡᠮ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠢᠯᠡᠭᠦᠤ ᠬᠦᠷᠲᠡᠭᠡᠬᠦ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号