2024 ᠬᠦᠬᠡ ᠯᠤᠤ ᠵᠢᠯ ᠤᠨ ᠤᠩᠨᠢᠭᠤᠳ ᠨᠠᠭᠠᠳᠤᠮ ᠤᠨ「 ᠬᠠᠰ  ᠯᠤᠤ ᠬᠤᠨᠳᠠᠭᠠᠳᠤ」1024 ᠪᠦᠬᠡ ᠶᠢᠨ ᠨᠠᠭᠠᠳᠤᠮ ᠡᠬᠢᠯᠡᠪᠡ
ᠨᠡᠶᠢᠲᠡᠯᠡᠭᠰᠡᠨ ᠴᠠᠭ᠄
2024/8/12
         8 ᠰᠠᠷ᠎ᠠ ᠶᠢᠨ 10 ᠤ ᠡᠳᠥᠷ᠂ ᠬᠤᠰᠢᠭᠤᠨ ᠤ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠠᠴᠠ ᠭᠤᠤᠯᠯᠠᠨ  ᠡᠷᠬᠢᠯᠡᠭᠰᠡᠨ 2024 ᠬᠦᠬᠡ ᠯᠤᠤ ᠵᠢᠯ ᠤᠨ ᠤᠩᠨᠢᠭᠤᠳ ᠨᠠᠭᠠᠳᠤᠮ ᠤᠨ「 ᠬᠠᠰ  ᠯᠤᠤ ᠬᠤᠨᠳᠠᠭᠠᠳᠤ」1024 ᠪᠦᠬᠡ ᠶᠢᠨ ᠨᠠᠭᠠᠳᠤᠮ  ᠪᠣᠷᠣᠬᠤᠲᠠ ᠪᠠᠯᠭᠠᠰᠤ ᠶᠢᠨ ᠴᠡᠭᠡᠨ ᠲᠠᠯ᠎ᠠ ᠰᠡᠯᠡᠭᠦᠴᠡᠯ ᠵᠤᠭᠠᠴᠠᠯ  ᠤᠨ ᠭᠠᠵᠠᠷ ᠲᠤ ᠡᠬᠢᠯᠡᠯᠳᠡ ᠶᠢᠨ ᠬᠦᠰᠢᠭᠡ ᠪᠠᠨ ᠨᠡᠬᠡᠭᠡᠪᠡ᠃ ᠦᠪᠥᠷ ᠮᠣᠩᠭᠤᠯ ᠤᠨ ᠷᠠᠳᠢᠤ᠋ ᠲᠧᠯᠸᠢᠰ ᠬᠤᠷᠢᠶᠠᠨ ᠤ ᠳᠡᠳ᠋ ᠶᠡᠷᠥᠩᠬᠡᠢ ᠨᠠᠶᠢᠷᠠᠭᠤᠯᠤᠭᠴᠢ ᠪᠦᠬᠡᠪᠤᠶᠠᠨ᠂  ᠤᠯᠠᠭᠠᠠᠬᠠᠳᠠ ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠦᠩᠬᠡᠳᠠᠯᠠᠢ᠂ ᠤᠯᠠᠭᠠᠠᠬᠠᠳᠠ ᠬᠤᠲᠠ ᠶᠢᠨ ᠤᠯᠤᠰ ᠲᠦᠷᠥ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠵᠢᠶᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠦᠩᠬᠡ᠂ ᠬᠤᠰᠢᠭᠤᠨ ᠤ ᠤᠯᠤᠰ ᠲᠦᠷᠥ ᠶᠢᠨ ᠵᠦᠪᠯᠡᠯᠭᠡᠨ ᠤ  ᠲᠡᠷᠢᠭᠦᠯᠡᠭᠴᠢ  ᠬᠦᠭᠵᠢᠯᠳᠥ ᠵᠡᠷᠭᠡ ᠤᠷᠤᠨ᠂ ᠬᠤᠲᠠ᠂ ᠬᠤᠰᠢᠭᠤᠨ ᠤ ᠤᠳᠤᠷᠢᠳᠤᠯᠭ᠎ᠠ ᠪᠣᠯᠣᠨ ᠬᠡᠰᠡᠭ ᠪᠦᠯᠥᠭ ᠠᠵᠤ ᠠᠬᠤᠶᠢᠯᠠᠯ  ᠤᠨ ᠲᠦᠯᠥᠭᠡᠯᠡᠭᠴᠢᠳ ᠡᠬᠢᠯᠡᠯᠳᠡ ᠶᠢᠨ ᠶᠣᠰᠣᠯᠠᠯ ᠳᠤ ᠣᠷᠣᠯᠴᠠᠭᠰᠠᠨ ᠪᠠᠶᠢᠨ᠎ᠠ᠃        ᠦᠳᠡ ᠶᠢᠨ ᠡᠮᠥᠨᠡᠬᠢ10 ᠴᠠᠭ ᠲᠤ᠂ ᠤᠯᠤᠰ ᠤᠨ ᠲᠤᠭ ᠤᠨ ᠡᠩᠨᠡᠭᠡ ᠲᠡᠷᠢᠭᠦᠯᠡᠨ ᠲᠠᠯᠠᠪᠠᠢ ᠳᠤ ᠣᠷᠣᠵᠣ᠂ ᠪᠦᠬᠦ ᠬᠤᠰᠢᠭᠤᠨ ᠤ 17 ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠢ ᠶᠢᠨ ᠲᠤᠭᠯᠠᠭᠴᠢᠳ  ᠢᠶᠠᠷ ᠪᠦᠷᠢᠯᠳᠥᠭᠰᠡᠨ ᠣᠯᠠᠨ ᠲᠦᠮᠡᠨ ᠤ ᠪᠦᠵᠢᠭᠴᠢᠳ ᠤᠨ ᠡᠩᠨᠡᠭᠡ ᠲᠡᠰ ᠳᠠᠷᠠᠭᠠᠯᠠᠨ ᠲᠠᠯᠠᠪᠠᠢ ᠳᠤ ᠤᠷᠤᠵᠤ᠂ ᠤᠶᠠᠨ ᠬᠠᠳᠠᠨ ᠪᠦᠵᠢᠭ ᠢᠶᠠᠷ ᠢᠶᠠᠨ ᠪᠦᠬᠦ ᠬᠤᠰᠢᠭᠤᠨ ᠤ ᠦᠨᠳᠥᠰᠥᠳᠡᠨ ᠪᠦᠬᠦᠨ ᠤ ᠪᠦᠯᠬᠦᠮᠳᠡᠯ ᠳᠠᠪᠰᠢᠯᠳᠠ ᠶᠢ ᠬᠠᠷᠠᠭᠤᠯᠵᠤ᠂  ᠪᠦᠬᠦ ᠬᠤᠰᠢᠭᠤᠨ ᠤ  ᠠᠵᠤ ᠠᠬᠤᠢ ᠨᠡᠶᠢᠭᠡᠮ ᠤᠨ ᠠᠬᠢᠯᠳᠠ ᠬᠦᠭᠵᠢᠯᠳᠡ ᠶᠢ ᠬᠠᠷᠠᠭᠤᠯᠤᠭᠰᠠᠨ ᠪᠠᠶᠢᠨ᠎ᠠ᠃       ᠤᠯᠠᠨ ᠬᠦᠮᠥᠨ ᠤ ᠪᠦᠵᠢᠭ 《   ᠵᠠᠯᠠᠯᠠᠭ᠎ᠠ 》᠂ ᠳᠠᠭᠤᠤ 《 ᠬᠡᠶᠢᠮᠤᠷᠢ ᠳᠠᠯᠠᠯᠤᠭᠰᠠᠨ  ᠤᠩᠨᠢᠭᠤᠳ ᠨᠤᠲᠤᠭ 》᠂ ᠠᠶᠠᠭᠠᠨ ᠪᠦᠵᠢᠭ  ᠂ ᠳᠠᠭᠤᠤ 《 ᠰᠠᠶᠢᠬᠠᠨ ᠨᠤᠲᠤᠭ 》᠂《 ᠬᠦᠭᠵᠢᠭᠡᠨᠳᠥ ᠨᠠᠭᠠᠳᠤᠮ 》 ᠵᠡᠷᠭᠡ ᠲᠤᠭᠯᠠᠯᠳᠠ ᠠᠷᠤ ᠠᠷᠤ ᠠᠴᠠ ᠪᠠᠨ ᠲᠠᠶᠢᠰᠠᠨ ᠳᠤ ᠲᠤᠭᠯᠠᠭᠳᠠᠵᠤ᠂ ᠨᠠᠶᠢᠷ ᠨᠠᠭᠠᠳᠤᠮ ᠢ ᠬᠦᠭᠵᠢᠶᠡᠨ ᠨᠠᠷᠭᠢᠶᠠᠨ ᠲᠠᠢ ᠪᠣᠯᠭᠠᠵᠤ᠂ ᠬᠤᠷᠠᠭᠰᠠᠨ ᠤᠯᠠᠨ ᠢ ᠪᠠᠶᠠᠰᠬᠠᠭᠰᠠᠨ ᠪᠠᠶᠢᠨ᠎ᠠ᠃        ᠪᠦᠬᠦ ᠤᠷᠤᠨ ᠤ ᠡᠯ᠎ᠡ ᠠᠶᠢᠮᠠᠭ ᠬᠤᠲᠠ ᠠᠴᠠ ᠢᠷᠡᠭᠰᠡᠨ 1024 ᠨᠡᠷ᠎ᠡ ᠪᠦᠬᠡᠴᠢᠳ ᠴᠡᠭᠡᠨ ᠲᠠᠯ᠎ᠠ ᠶᠢ ᠴᠠᠯᠬᠢᠳᠠᠯ᠎ᠠ᠂ ᠨᠠᠷᠠᠰᠤᠨ ᠠᠭᠤᠯᠠ ᠶᠢ ᠨᠠᠶᠢᠭᠤᠯᠵᠠᠳᠠᠯ᠎ᠠ ᠲᠠᠯᠠᠪᠠᠢ ᠲᠦᠭᠦᠷᠡᠩ  ᠮᠠᠭᠰᠢᠯ᠎ᠠ᠃ ᠪᠦᠬᠦ ᠤᠯᠤᠰ ᠤᠨ ᠪᠦᠬᠡ ᠶᠢᠨ ᠮᠠᠩᠯᠠᠢ ᠲᠡᠷᠢᠭᠦᠨ ᠰᠢᠯᠭᠠᠷᠭᠤᠯᠬᠤ ᠤᠷᠤᠯᠳᠤᠭᠠᠨ ᠤ 16 ᠤᠳᠠᠭᠠᠨ ᠤ ᠲᠡᠷᠢᠭᠦᠨ᠂ ᠤᠩᠨᠢᠭᠤᠳ ᠨᠤᠲᠤᠭᠳᠠᠢ ᠪᠦᠬᠡᠴᠢᠨ ᠬᠤᠷᠴᠠ ︽ᠬᠠᠰ ᠯᠤᠤ ᠬᠤᠨᠳᠠᠭ᠎ᠠ  ︾ ᠶᠢ ᠨᠠᠶᠢᠷ ᠤᠨ ᠲᠠᠯᠠᠪᠠᠢ ᠳᠤ ᠦᠵᠡᠭᠦᠯᠥᠨ ᠲᠤᠭᠤᠷᠢᠵᠤ᠂ ᠪᠦᠬᠡᠴᠢᠳ᠂ ᠬᠢᠨᠠᠭᠴᠢᠳ ᠤᠨ ᠲᠦᠯᠥᠭᠡᠯᠡᠭᠴᠢᠳ ᠠᠴᠠ ᠨᠠᠭᠠᠳᠤᠮ ᠤᠨ ᠲᠦᠪ  ᠭᠤᠤᠯᠴᠢ ᠳᠤ ᠲᠠᠩᠭᠠᠷᠢᠭᠯᠠᠭᠰᠠᠨ ᠪᠠᠶᠢᠨ᠎ᠠ᠃        ᠡᠬᠢᠯᠡᠯᠳᠡ ᠶᠢᠨ ᠶᠤᠰᠤᠯᠠᠯ ᠳᠡᠭᠡᠷ᠎ᠡ᠂ ᠤᠯᠠᠭᠠᠠᠬᠠᠳᠠ ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠦᠩᠬᠡᠳᠠᠯᠠᠢ ᠨᠠᠶᠢᠷ ᠡᠬᠢᠯᠡᠭᠰᠨ ᠢ ᠵᠠᠷᠯᠠᠵᠤ᠂ ᠨᠠᠶᠢᠷ ᠲᠤ ᠤᠷᠤᠯᠴᠠᠭᠰᠠᠳ ᠬᠠᠮᠲᠤᠪᠠᠷ  ︽ᠡᠬᠡ ᠤᠯᠤᠰ ᠢᠶᠠᠨ ᠮᠠᠭᠲᠠᠨ ᠳᠠᠭᠤᠯᠠᠶ᠎ᠠ  ︾ ᠭᠡᠬᠦ ᠳᠠᠭᠤᠤ ᠶᠢ ᠳᠠᠭᠤᠯᠠᠵᠤ᠂ ᠨᠠᠶᠢᠷ ᠤᠨ ᠲᠠᠯᠠᠪᠠᠢ ᠶᠢ ᠨᠡᠩ ᠢᠯᠡᠭᠦᠥ ᠤᠮᠤᠭ ᠰᠦᠯᠳᠡ ᠲᠠᠢ᠂ ᠬᠦᠷ ᠬᠦᠭᠵᠢᠶᠡᠨ ᠲᠠᠢ ᠪᠤᠯᠭᠠᠭᠰᠠᠨ ᠪᠠᠶᠢᠨ᠎ᠠ᠃       ᠲᠤᠰ ᠤᠳᠠᠭᠠᠨ ᠤ ᠨᠠᠭᠠᠳᠤᠮ ᠨᠢ  ︽ᠪᠠᠭ᠋ᠠᠷᠬᠠᠯ ᠢ ᠲᠠᠳᠠᠭᠰᠠᠨ ᠯᠤᠤᠳᠤ ᠨᠤᠲᠤᠭ ᠤᠨ ᠵᠤᠭᠠᠴᠠᠯ  ︾ ᠰᠤᠶᠤᠯ ᠵᠢᠭᠤᠯᠴᠢᠯᠠᠯ ᠤᠨ ᠲᠦᠷᠥᠯ ᠲᠡᠮᠳᠡᠭ ᠢ ᠦᠷᠭᠦᠯᠵᠢᠯᠡᠨ ᠨᠡᠬᠡᠭᠡᠬᠦ ᠪᠠᠷ ᠭᠤᠤᠯ ᠰᠡᠳᠥᠪ ᠪᠤᠯᠭᠠᠵᠤ᠂ ᠳᠤᠮᠳᠠᠳᠤ  ᠶᠢᠨ ᠦᠨᠳᠥᠰᠥᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ  ᠰᠢᠵᠢᠮᠯᠡᠵᠥ᠂ ᠡᠯᠪᠡᠭ ᠪᠠᠶᠠᠯᠢᠭ ᠠᠭᠤᠯᠭ᠎ᠠ ᠲᠠᠢ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠰᠤᠶᠤᠯ ᠵᠤᠭᠠᠴᠠᠯ ᠢ  ᠤᠶᠠᠯᠳᠤᠭᠤᠯᠵᠤ᠂ ᠪᠤᠳᠠᠰ ᠤᠨ ᠪᠤᠰᠤ ᠰᠤᠶᠤᠯ ᠤᠨ ᠦᠪ ᠢ ᠵᠤᠭᠠᠴᠠᠯ ᠤᠨ ᠦᠢᠯᠡᠰ ᠲᠠᠢ ᠬᠦᠨᠵᠡᠭᠡᠢ ᠠᠭᠤᠰᠤᠯᠴᠠᠭᠤᠯᠤᠨ᠂ ᠦᠯᠵᠡᠶᠢᠳᠥ ᠨᠤᠲᠤᠭ ᠤᠨ ᠤᠨᠴᠠ ᠪᠦᠲᠦᠭᠡᠭᠳᠡᠬᠦᠨ ᠢ ᠲᠠᠰᠤᠷᠠᠯᠲᠠ ᠦᠭᠡᠢ ᠰᠢᠨ᠎ᠡ ᠪᠠᠷ ᠡᠭᠦᠳᠴᠥ ᠲᠠᠸᠠᠷᠴᠢᠯᠠᠬᠤ  ᠶᠢᠨ ᠲᠦᠯᠥᠭᠡ ᠶᠤᠮ᠃      ᠡᠬᠢᠯᠡᠯᠳᠡ ᠶᠢᠨ ᠶᠤᠰᠤᠯᠠᠯ ᠲᠡᠭᠦᠰᠥᠭᠰᠡᠨ ᠤ ᠳᠠᠷᠠᠭ᠎ᠠ᠂ ᠬᠤᠯᠠ ᠠᠴᠠ ᠬᠦᠷᠥᠯᠴᠡᠨ ᠢᠷᠡᠭᠰᠡᠨ ᠤᠳᠤᠷᠢᠳᠤᠯᠭ᠎ᠠ  ᠬᠦᠨᠳᠥᠳᠥ ᠵᠤᠴᠢᠳ᠂ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠪᠠᠷ᠎ᠠ ᠪᠤᠯᠤᠯᠭ᠎ᠠ  ᠲᠠᠢ ᠪᠠᠷ ᠴᠠᠭᠠᠨ ᠢᠳᠡᠭᠡᠨ   ᠢ ᠠᠮᠰᠠᠨ ᠰᠢᠯᠭᠠᠷᠠᠭᠤᠯᠤᠭᠰᠠᠨ ᠤ ᠬᠠᠮᠲᠤ ᠲᠠᠷᠢᠶᠠᠯᠠᠩ ᠮᠠᠯᠵᠢᠯ ᠤᠨ ᠨᠡᠷᠡᠳᠥ ᠪᠦᠲᠦᠭᠡᠭᠳᠡᠭᠦᠨ᠂ ᠪᠤᠳᠠᠰ ᠤᠨ ᠪᠤᠰᠤ ᠰᠤᠶᠤᠯ ᠤᠨ ᠦᠪ ᠤᠨ ᠳᠡᠯᠭᠡᠨ  ᠪᠤᠷᠤᠯᠠᠭᠤᠯᠭ᠎ᠠ ᠶᠢ ᠰᠤᠨᠢᠷᠬᠠᠭᠰᠠᠨ ᠪᠠᠶᠢᠨ᠎ᠠ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号