ᠠᠮᠢᠨ ᠡᠵᠢ ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠤᠨ ᠮᠠᠯᠴᠢᠳ ᠤᠨ ᠰᠢᠨ᠎ᠡ ᠮᠡᠷᠭᠡᠵᠢᠯ ᠤᠨ ᠪᠣᠯᠪᠠᠰᠤᠷᠠᠯ ᠠᠰᠢᠬᠠᠨ ᠰᠣᠮᠤᠨ ᠳᠤ  ᠶᠠᠪᠤᠭᠳᠠᠪᠠ
ᠨᠡᠶᠢᠲᠡᠯᠡᠭᠰᠡᠨ ᠴᠠᠭ᠄
2024/8/15
        8 ᠰᠠᠷᠠᠶᠢᠨ 8 ᠤ ᠡᠳᠦᠷ᠂ ︽ᠠᠮᠢᠨ ᠡᠵᠢ ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠤᠨ ᠮᠠᠯᠴᠢᠳ ᠤᠨ ᠰᠢᠨ᠎ᠡ ᠮᠡᠷᠭᠡᠵᠢᠯ ᠤᠨ ᠪᠣᠯᠪᠠᠰᠤᠷᠠᠯ ᠤᠨ ᠠᠩᠭᠢ ᠵᠢᠴᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠢ ᠪᠡᠯᠡ ᠮᠥᠩᠭᠦ ᠶᠢᠨ ᠲᠦᠷᠦᠯ ᠵᠦᠢᠯ ᠤᠨ ᠮᠡᠷᠭᠡᠵᠢᠯ ᠪᠣᠯᠭᠠᠨ ᠬᠤᠪᠢᠷᠠᠭᠤᠯᠬᠤ ᠪᠣᠯᠪᠠᠰᠤᠷᠠᠯ ᠤᠨ ᠬᠤᠷᠠᠯ︾ ᠠᠰᠢᠬᠠᠨ ᠰᠣᠮᠤᠨ ᠤ ᠤᠯᠠᠭᠠᠬᠤᠳᠦ ᠭᠠᠴᠠᠭ᠎ᠠ ᠳᠤ ᠶᠠᠪᠤᠭᠳᠠᠪᠠ᠃ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠵᠣᠣ ᠰᠢᠶᠠ ᠨᠠᠷ ᠡᠬᠢᠯᠡᠯᠲᠡ ᠶᠢᠨ ᠶᠣᠰᠣᠯᠠᠯ ᠳᠤ ᠤᠷᠤᠯᠴᠠᠵᠤ᠂ ︽ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ︾ ᠤᠨ ᠫᠠᠶᠢᠰᠠ ᠶᠢ ᠰᠡᠬᠦᠪᠡ᠃         ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠨᠢ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠲᠤ ᠲᠦᠰᠢᠭᠯᠡᠨ᠂ 7 ᠨᠡᠷ᠎ᠡ ᠲᠤᠰᠬᠠᠶ ᠮᠡᠷᠭᠡᠵᠢᠯᠲᠡᠨ ᠪᠤᠯᠤᠨ ᠣᠯᠠᠨ ᠰᠤᠳᠤᠯᠬᠤ ᠰᠤᠷᠤᠭᠴᠢᠳ ᠢᠶᠠᠷ ᠪᠦᠷᠢᠯᠳᠥᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠵᠢᠭᠠᠨ ᠰᠤᠷᠭᠠᠯᠲᠠ ᠶᠢᠨ ᠪᠦᠯᠬᠦᠮ ᠪᠠᠶᠢᠭᠤᠯᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠮᠡᠷᠭᠡᠵᠢᠯ ᠤᠨ ᠳᠡᠮᠵᠢᠯᠭᠡ ᠦᠵᠡᠭᠦᠯᠬᠦ ᠪᠠ ᠤᠷᠤᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠪᠤᠯᠤᠨ᠎ᠠ᠃ ᠡᠭᠦᠨ ᠤ ᠬᠠᠮᠲᠤ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠴᠢᠳᠠᠪᠤᠷᠢᠲᠠᠨ ᠤ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢ ᠠᠰᠢᠭᠯᠠᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ︾ ᠶᠢ ᠪᠡᠶᠡᠯᠭᠦᠯᠬᠦ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号