︽ᠬᠠᠰ ᠯᠤᠤ ᠨᠤᠲᠤᠭ ᠤᠨ ᠳᠠᠭᠤᠨ︾ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠴᠡᠭᠡᠨ ᠭᠠᠴᠠᠭ᠎ᠠ ᠳᠤ ᠭᠦᠨᠵᠡᠭᠡᠶᠢᠷᠡᠪᠡ
ᠨᠡᠶᠢᠲᠡᠯᠡᠭᠰᠡᠨ ᠴᠠᠭ᠄
2024/8/22
        8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠬᠤ ᠶᠢᠨ ᠲᠥᠯᠥᠭᠡ ᠂ ︽ᠬᠠᠰ ᠯᠤᠤ ᠨᠤᠲᠤᠭ ᠤᠨ ᠳᠠᠭᠤᠨ︾ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠤ ᠴᠡᠭᠡᠨ ᠭᠠᠴᠠᠭ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ  ᠃ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠶᠡᠭᠡ ᠰᠦᠮ᠎ᠡ ᠪᠠᠯᠭᠠᠰᠤᠨ ᠤ ᠪᠠᠭ᠎ᠠ ᠰᠦᠮ᠎ᠡ ᠲᠣᠰᠬᠤᠨ ᠤ ᠨᠠᠮ ᠤᠨ ᠡᠭᠦᠷ ᠤᠨ ᠱᠦᠵᠢ ᠵᠤᠤ ᠬᠤᠢ ᠵᠢᠶᠧ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠪᠠᠭᠰᠢ ᠬᠤᠸᠠᠩ ᠬᠦᠢ ᠲᠢᠩ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠶᠡᠷᠦᠩᠬᠡᠶᠢᠯᠡᠭᠰᠡᠨ ᠰᠠᠯᠠᠭᠠᠨ ᠤ ᠳᠠᠷᠤᠭ᠎ᠠ ᠢᠨᠳᠡᠷᠨᠢᠯ᠎ᠠ ᠪᠠᠷ ᠪᠦᠷᠢᠯᠳᠦᠵᠡᠢ᠃ ᠴᠡᠭᠡᠨ ᠭᠠᠴᠠᠭᠠᠨ ᠤ ᠬᠤᠶᠠᠷ ᠵᠥᠪᠯᠡᠯ ᠤᠨ ᠬᠡᠰᠢᠭᠦᠳ᠂ ᠨᠠᠮ ᠤᠨ ᠭᠡᠰᠢᠭᠦᠨ᠂ ᠮᠠᠯᠴᠢᠨ ᠲᠠᠷᠢᠶᠠᠴᠢᠨ ᠤ ᠲᠦᠯᠥᠭᠡᠯᠡᠭᠴᠢᠳ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃         ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ᠂ ᠶᠡᠭᠡ ᠬᠤᠷᠠᠯ ᠤᠨ ᠭᠤᠤᠯ ᠰᠡᠳᠦᠪ ᠪᠣᠯᠤᠨ ᠴᠢᠬᠤᠯᠠ ᠮᠡᠳᠡᠭᠦᠯᠦᠯᠲᠡ ᠵᠡᠷᠭᠡ ᠲᠠᠯ᠎ᠠ ᠪᠠᠷ ᠨᠠᠷᠢᠨ ᠪᠣᠳᠠᠲᠠᠶ ᠬᠡᠷᠡᠭ ᠤᠨ ᠵᠢᠱᠢᠶ᠎ᠡ ᠪᠣᠯᠤᠨ ᠠᠮᠢᠳᠤᠯᠢᠭ ᠬᠡᠯᠡᠯᠭᠡ ᠪᠠᠷ ᠭᠦᠨ ᠭᠦᠨᠵᠡᠭᠡᠶ ᠣᠶᠢᠯᠠᠭᠠᠮᠵᠢᠲᠠᠶ ᠰᠢᠰᠲ᠋ᠧᠮ ᠲᠠᠢ ᠲᠠᠶᠢᠯᠪᠤᠷᠢ ᠬᠢᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号