ᠣᠩᠨᠢᠭᠤᠳ ᠬᠤᠰᠢᠭᠤᠨ ᠤ ᠬᠤᠶᠠᠷ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2024/8/22
         ᠣᠶᠢᠷ᠎ᠠ ᠳᠤ᠂ ᠮᠠᠨ ᠤ ᠬᠤᠰᠢᠭᠤᠨ ᠤ ᠨᠠᠷᠠᠨ ᠬᠤᠸᠠᠷ ᠤᠨ ᠦᠷ᠎ᠡ ᠪᠠ ᠲᠥᠪᠡᠳ ᠬᠠᠰᠢ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠢ ᠬᠢᠨᠠᠨ ᠪᠠᠶᠢᠴᠠᠭᠠᠬᠤ ᠲᠥᠪ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃ ᠢᠩᠭᠢᠭᠡᠳ ᠲᠤᠲᠤᠷᠭ᠎ᠠ᠂ ᠨᠠᠷᠢᠮᠤ᠂ ᠰᠠᠭᠠᠭ᠂ ᠦᠬᠡᠷ ᠤᠨ ᠮᠢᠬ᠎ᠠ᠂ ᠬᠤᠨᠢᠨ ᠮᠢᠬ᠎ᠠ ᠵᠡᠷᠭᠡ ᠮᠠᠨ ᠤ ᠬᠤᠰᠢᠭᠤᠨ ᠤ 7 ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃         ᠣᠶᠢᠷ᠎ᠠ ᠳᠤ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠬᠢᠷᠲᠤᠯ ᠥᠬᠡᠶ ᠪᠦᠲᠦᠭᠡᠭᠳᠡᠭᠦᠨ ᠢ ᠬᠠᠮᠤᠭ ᠶᠡᠭᠡ ᠦᠪ ᠬᠥᠷᠥᠩᠭᠡ᠂ ᠬᠠᠮᠤᠭ ᠶᠡᠭᠡ ᠳᠠᠪᠠᠭᠤᠯᠢᠭ ᠪᠤᠯᠤᠨ ᠬᠠᠮᠤᠭ ᠶᠡᠭᠡ ᠨᠠᠷᠠᠲᠤ ᠲᠡᠮᠳᠡᠭ ᠪᠣᠯᠭᠠᠵᠤ᠂ ᠠᠵᠤ ᠦᠢᠯᠡᠰ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠦᠢᠯᠡᠳᠪᠦᠷᠢᠯᠡᠯ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠰᠢᠨ᠎ᠡ ᠣᠷᠣᠨ ᠵᠠᠶ ᠶᠢ ᠨᠡᠭᠡᠭᠡᠵᠦ᠂ ᠠᠮᠢ ᠠᠬᠤᠶ ᠬᠢᠭᠡᠳ ᠠᠵᠤ ᠠᠬᠤᠶ ᠶᠢᠨ ᠬᠤᠤᠰ ᠠᠮᠵᠢᠯᠲᠠ ᠶᠢ ᠤᠯᠤᠭᠰᠠᠨ ᠪᠣᠬᠢᠷᠲᠤᠯ ᠥᠬᠡᠶ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号