ᠣᠩᠨᠢᠭᠤᠳ ᠬᠤᠰᠢᠭᠤ ︽ᠰᠣᠶᠣᠯ ᠵᠢᠭᠤᠯᠴᠢᠯᠠᠯ︾ ᠲᠠᠢ ᠤᠶᠠᠯᠳᠤᠭᠤᠯᠬᠤ ᠳᠠᠯᠳᠠ ᠬᠦᠴᠦᠨ ᠢ ᠠᠭᠤᠳᠠᠯᠵᠤ ᠵᠢᠭᠤᠯᠴᠢᠯᠠᠯ ᠤᠨ ᠠᠵᠤ ᠠᠬᠤᠶ ᠶᠢᠨ ᠬᠦᠭᠵᠢᠯᠳᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/22
        ᠵᠢᠯ ᠤᠨ ᠡᠬᠢᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ︽ᠣᠩᠨᠢᠭᠤᠳ ᠬᠤᠰᠢᠭᠤᠨ ᠤ ᠬᠠᠰ ᠯᠤᠤ ᠰᠣᠶᠣᠯ ᠤᠨ ᠰᠠᠷ᠎ᠠ︾ ᠶᠢ ᠲᠥᠰᠦᠪᠯᠡᠨ ᠭᠠᠷᠭᠠᠵᠤ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠢᠳᠡᠪᠬᠢᠲᠡᠢ ᠪᠡᠯᠡᠳᠬᠡᠨ ᠡᠷᠬᠢᠯᠡᠵᠦ᠂ ᠰᠢᠯᠢᠳᠡᠭ ᠤᠯᠠᠮᠵᠢᠯᠠᠯᠲᠤ ᠰᠣᠶᠣᠯ᠂ ᠪᠠᠶᠢᠭᠠᠯᠢ ᠶᠢᠨ ᠥᠩᠭᠡ ᠦᠵᠡᠮᠵᠢ ᠪᠣᠯᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠵᠡᠷᠭᠡ ᠳᠤ ᠳᠡᠯᠭᠡᠨ ᠦᠵᠡᠭᠦᠯᠵᠥ ᠪᠣᠷᠣᠯᠠᠭᠤᠯᠬᠤ ᠲᠠᠪᠴᠠᠩ ᠬᠠᠩᠭᠠᠵᠤ᠂ ︽ᠯᠤᠤ ᠭᠠᠷᠤᠳᠢ ᠶᠢᠨ ᠦᠯᠵᠡᠶᠢᠳᠥ ᠨᠤᠲᠤᠭ︾ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠠᠯᠳᠠᠷᠰᠢᠭᠤᠯᠤᠨ ᠵᠢᠭᠤᠯᠴᠢᠯᠠᠯ ᠤᠨ ᠠᠵᠤ ᠠᠬᠤᠢ ᠶᠢᠨ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃        ᠡᠨᠡ ᠵᠢᠯ ᠠᠴᠠ ᠨᠠᠰᠢ᠂ ᠪᠥᠬᠦ ᠬᠤᠰᠢᠭᠤᠨ ᠤ ︽ᠰᠣᠶᠣᠯ ᠵᠢᠭᠤᠯᠴᠢᠯᠠᠯ ᠪᠤᠯᠤᠨ ᠤᠷᠤᠯᠳᠤᠭᠠᠨ︾ ᠢ ᠤᠶᠠᠯᠳᠤᠭᠤᠯᠬᠤ ᠠᠵᠢᠯᠯᠠᠭ᠎ᠠ ᠬᠥᠭᠵᠢᠶᠡᠨ ᠲᠠᠢ ᠶᠠᠪᠤᠭᠳᠠᠵᠤ᠂ ᠡᠯᠡᠰᠦᠨ ᠴᠦᠯ ᠤᠨ ᠪᠢᠴᠢᠬᠠᠨ ᠪᠠᠭᠠᠲᠤᠷ ᠪᠠᠭᠠᠴᠤᠳ ᠤᠨ ᠨᠠᠭᠠᠳᠤᠮ᠂ ᠡᠯᠡᠰᠦᠨ ᠴᠦᠯ ᠤᠨ ᠬᠡᠭᠡᠷᠡᠯᠡᠨ ᠠᠶᠠᠯᠠᠬᠤ ᠤᠷᠤᠯᠳᠤᠭᠠᠨ᠂ ᠪᠣᠷᠣᠬᠤᠲᠠ ᠠᠴᠠ ᠪᠠᠶᠠᠠᠲᠤᠬᠤᠢ ᠬᠦᠷᠬᠦ ᠵᠠᠰᠠᠮᠠᠯ ᠵᠠᠮ ᠳᠠᠬᠢ ᠬᠠᠭᠠᠰ ᠵᠠᠢ ᠶᠢᠨ ᠮᠠᠷᠠᠽᠤᠨ ᠤᠷᠤᠯᠳᠤᠭᠠᠨ᠂ ᠪᠠᠭᠠᠴᠤᠳ ᠤᠨ ᠪᠥᠬᠡ ᠶᠢᠨ ᠤᠷᠤᠯᠳᠤᠭᠠᠨ᠂ ᠤᠩᠨᠢᠭᠤᠳ ᠨᠠᠭᠠᠳᠤᠮ ︽ᠬᠠᠨ ᠬᠦᠯᠥᠭ ᠬᠤᠨᠳᠠᠭᠠᠲᠤ︾ ᠮᠤᠷᠢᠨ ᠤᠷᠤᠯᠳᠤᠭᠠᠨ ᠵᠡᠷᠭᠡ ᠣᠯᠠᠨ ᠵᠦᠢᠯ ᠤᠨ ᠤᠷᠤᠯᠳᠤᠭᠠᠨ ᠢ ᠵᠠᠯᠭᠠᠭ᠎ᠠ ᠪᠠᠷ ᠡᠷᠬᠢᠯᠡᠪᠡ᠂᠂ ᠤᠷᠤᠯᠳᠤᠭᠠᠨ ᠢᠶᠠᠷ ᠵᠢᠭᠤᠯᠴᠢᠯᠠᠯ ᠢ ᠠᠬᠢᠭᠤᠯᠬᠤ ᠪᠠᠷ ᠳᠠᠮᠵᠢᠭᠤᠯᠤᠨ᠂ ᠰᠣᠳᠣᠨ ᠪᠦᠲᠦᠭᠡᠯ ᠡᠯᠪᠡᠭ᠂ ᠣᠯᠠᠨ ᠲᠦᠮᠡᠨ ᠮᠡᠳᠡᠷᠡᠭᠰᠡᠨ᠂ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ᠂ ᠰᠣᠶᠣᠯ ᠢ ᠬᠠᠮᠲᠤ ᠪᠠᠷ ᠡᠳ᠋ᠯᠡᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠰᠢᠷᠢᠰ ᠠᠵᠢᠯᠯᠠᠭ᠎ᠠ ᠶᠢ ᠬᠦᠴᠦᠯᠡᠨ ᠪᠣᠶ ᠪᠣᠯᠭᠠᠵᠤ᠂ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠢ ᠬᠡᠯᠬᠢᠶᠡᠵᠢᠭᠦᠯᠥᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 15.7 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠲᠠᠳᠠᠵᠤ᠂ ᠵᠢᠭᠤᠯᠴᠢᠯᠠᠯ ᠤᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠪᠡ᠃         ᠵᠢᠭᠤᠯᠴᠢᠯᠠᠯ ᠤᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠤᠨ ᠭᠦᠨᠵᠡᠭᠡᠶᠢᠷᠡᠬᠦ ᠶᠢ ᠳᠠᠭᠠᠯᠳᠤᠨ᠂ ︽ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠰᠣᠶᠣᠯ ᠵᠢᠭᠤᠯᠴᠢᠯᠠᠯ ᠰᠥᠨᠢ ᠶᠢᠨ ᠠᠵᠤ ᠠᠬᠤᠶ︾ ᠴᠦ ᠣᠩᠨᠢᠭᠤᠳ ᠬᠤᠰᠢᠭᠤᠨ ᠤ ᠵᠢᠭᠤᠯᠴᠢᠯᠠᠯ ᠤᠨ ᠪᠠᠰᠠ ᠨᠢᠭᠡᠨ ᠶᠡᠭᠡ ᠣᠨᠴᠠᠯᠢᠭ ᠪᠣᠯᠪᠠ᠂᠂ ᠬᠠᠰ ᠯᠤᠤ ᠨᠠᠭᠤᠷ ᠪᠦᠷᠢᠳᠥᠳᠥ ᠵᠤᠭᠠᠴᠠᠯ ᠤᠨ ᠭᠠᠵᠠᠷ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠵᠢᠭᠤᠯᠴᠢᠯᠠᠯ ᠤᠨ ᠬᠥᠮᠦᠨ ᠤ ᠲᠤᠭ᠎ᠠ ᠰᠢᠨ᠎ᠡ ᠲᠡᠮᠳᠡᠭᠯᠡᠯ ᠢ ᠡᠭᠦᠳᠴᠦ᠂ ᠪᠡᠭᠡᠵᠢᠩ ᠲᠢᠶᠠᠨᠵᠢᠨ ᠾᠧᠪᠸᠢ ᠯᠢᠶᠣᠤᠨᠢᠩ ᠵᠡᠷᠭᠡ ᠭᠠᠵᠠᠷ ᠤᠨ ᠵᠢᠭᠤᠯᠴᠢᠯᠠᠭᠴᠢᠳ ᠤᠨ ᠰᠣᠨᠢᠷᠬᠠᠯ ᠢ ᠲᠠᠲᠠᠪᠠ᠃ ᠡᠨᠡ ᠵᠢᠯ ᠣᠯᠠᠨ ᠲᠦᠮᠡᠨ ᠤ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠴᠤ ᠬᠥᠭᠵᠢᠶᠡᠨᠲᠡᠶ ᠶᠠᠪᠤᠭᠳᠠᠵᠤ᠂ ᠬᠡᠷᠡᠭᠯᠡᠭᠡ ᠶᠢ ᠬᠥᠭᠵᠢᠭᠡᠬᠦ᠂ ᠰᠥᠨᠢ ᠶᠢᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠭᠦᠷ ᠪᠣᠯᠪᠠ᠃        ᠣᠳᠣᠬᠠᠨ ᠪᠣᠯᠲᠠᠯ᠎ᠠ᠂ ᠪᠥᠬᠦ ᠬᠤᠰᠢᠭᠤ ᠪᠠᠷ ᠢᠶᠠᠨ ᠵᠤᠭᠠᠴᠠᠭᠰᠠᠳ ᠢ 123.7 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.45% ᠪᠠᠷ ᠨᠡᠮᠡᠭᠳᠡᠵᠦ᠂ ᠵᠤᠭᠠᠴᠠᠯ ᠤᠨ ᠶᠡᠷᠥᠩᠬᠡᠢ ᠣᠷᠣᠯᠭ᠎ᠠ 15.91 ᠳ᠋ᠦᠩᠰᠢᠭᠤᠷ ᠲᠥᠭᠦᠷᠢᠭ ᠬᠦᠷᠥᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号