| | 8 ᠰᠠᠷ᠎ᠠ ᠶᠢᠨ 20 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠹᠢᠵᠢ ᠶᠢᠨ ᠶᠡᠷᠦᠩᠬᠡᠢ ᠰᠠᠶᠢᠳ ᠯᠠᠨᠪᠦ᠋ᠺᠠ ᠲᠠᠢ ᠠᠭᠤᠯᠵᠠᠪᠠ᠃ | ᠰᠢ ᠶᠢᠨ ᠫᠢᠩ ᠹᠢᠵᠢ ᠶᠢᠨ ᠡᠷᠡᠭᠲᠡᠢ ᠶᠢᠨ ᠲᠤᠯᠤᠭᠠᠨ ᠬᠥᠮᠥᠨ ᠤ ᠳᠦᠷᠢᠮᠲᠦ ᠠᠷᠤᠷ᠎ᠠ ᠪᠥᠮᠪᠦᠭᠡ ᠶᠢᠨ ᠠᠩᠭᠢ | ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠮᠥᠩᠭᠦᠨ ᠮᠧᠳᠠᠯ ᠣᠯᠣᠭᠰᠠᠨ ᠳᠤ ᠪᠠᠶᠠᠷ ᠬᠦᠷᠭᠡᠪᠡ᠃ ᠰᠢ ᠶᠢᠨ | ᠫᠢᠩ᠂ ᠹᠢᠵᠢ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠨᠣᠮᠣᠬᠠᠨ | ᠲᠠᠯᠠᠢ ᠶᠢᠨ ᠠᠷᠠᠯᠲᠤ ᠤᠯᠤᠰ ᠪᠣᠯᠣᠨ᠎ᠠ᠂ ᠢᠷᠡᠬᠦ ᠵᠢᠯ ᠳᠤᠮᠳᠠᠳᠤ ᠹᠢᠵᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ | ᠤᠢ ᠶᠢ ᠤᠭᠲᠤᠬᠤ ᠪᠣᠯᠣᠨ᠎ᠠ᠃ ᠬᠠᠭᠠᠰ ᠵᠠᠭᠤᠨ ᠰᠢᠬᠠᠮ ᠤᠨ ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠲᠡᠮᠵᠢᠵᠤ᠂ | ᠬᠠᠷᠢᠯᠴᠠᠨ ᠬᠠᠪᠰᠤᠷᠴᠤ᠂ ᠶᠡᠭᠡ ᠪᠠᠭ᠎ᠠ ᠤᠯᠤᠰ ᠬᠠᠷᠢᠯᠴᠠᠨ ᠡᠷᠬᠡ ᠲᠡᠭᠰᠢ ᠬᠠᠨᠳᠤᠬᠤ᠂ ᠨᠥᠭᠦᠷᠰᠡᠭ ᠬᠠᠮᠲᠤᠷᠠᠯᠴᠠᠬᠤ ᠶᠢᠨ | ᠬᠡᠪ ᠳᠠᠭᠤᠷᠢᠶᠠᠯ ᠪᠣᠯᠵᠠᠢ᠃ ᠳᠤᠮᠳᠠᠳᠤ ᠤᠯᠤᠰ ᠳᠤᠮᠳᠠᠳᠤ ᠹᠢᠵᠢ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠹᠢᠵᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠢᠶᠠᠨ | ᠬᠢᠷᠢ ᠪᠠᠷ ᠬᠠᠪᠰᠤᠷᠤᠯᠭ᠎ᠠ ᠦᠵᠡᠭᠦᠯᠵᠦ᠂ ᠹᠢᠵᠢ ᠶᠢᠨ ᠬᠢᠨ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭᠠᠨ ᠤ ᠶᠡᠭᠡ | ᠴᠢᠭᠯᠡᠯ ᠢ ᠡᠵᠡᠮᠳᠡᠵᠦ᠂ ᠳᠤᠮᠳᠠᠳᠤ ᠹᠢᠵᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠯᠠᠨᠪᠦ᠋ᠺᠠ ᠶᠢᠨ ᠶᠦᠨᠨᠠᠨ᠂ ᠹᠦᠵᠢᠶᠠᠨ᠂ ᠵᠧᠵᠢᠶᠠᠩ ᠭᠤᠷᠪᠠᠨ ᠭᠠᠵᠠᠷ ᠲᠤ ᠠᠶᠢᠯᠴᠢᠯᠠᠬᠰᠠᠨ | ᠪᠠᠶᠢᠳᠠᠯ ᠪᠣᠯᠣᠨ ᠲᠥᠷᠥᠭᠳᠡᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠶᠠᠳᠠᠭᠤ ᠶᠢ ᠲᠡᠳᠬᠦᠵᠦ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠠᠯ᠎ᠠ ᠶᠢᠨ ᠠᠷᠭ᠎ᠠ ᠬᠢᠳᠡᠯ ᠪᠣᠯᠣᠨ ᠲᠤᠷᠰᠢᠯᠭ᠎ᠠ ᠶᠢ ᠲᠠᠨᠢᠯᠴᠠᠭᠤᠯᠪᠠ᠃ | ᠰᠢ ᠶᠢᠨ ᠫᠢᠩ᠂ 14 ᠳ᠋ᠦᠩᠰᠢᠭᠤᠷ ᠭᠠᠷᠤᠢ ᠠᠷᠠᠳ ᠲᠦᠮᠡᠨ ᠬᠠᠮᠲᠤ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠂ | ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠴᠤ | ᠪᠠᠶᠢᠭᠠᠳ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠮᠥᠨ᠂ ᠪᠠᠰᠠ ᠴᠤ ᠳᠤᠮᠳᠠᠳᠤ ᠤᠯᠤᠰ ᠤᠨ ᠬᠥᠮᠥᠨ | ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠬᠥᠭᠵᠢᠯᠲᠡ ᠶᠢᠨ ᠦᠢᠯᠡᠰ ᠲᠤ | ᠦᠵᠡᠭᠦᠯᠦᠭᠰᠡᠨ ᠲᠡᠦᠬᠡᠲᠦ ᠴᠢᠨᠠᠷᠲᠠᠢ ᠬᠤᠪᠢ ᠨᠡᠮᠡᠷᠢ ᠮᠥᠨ᠃ ᠡᠨᠡ ᠬᠦ ᠶᠠᠪᠤᠴᠠ ᠳᠤ ᠪᠢᠳᠡ ᠨᠢᠭᠡ ᠦᠨᠳᠦᠰᠦᠲᠡᠨ᠂ ᠨᠢᠭᠡ | ᠭᠠᠵᠠᠷ ᠣᠷᠣᠨ᠂ ᠨᠢᠭᠡ ᠬᠥᠮᠥᠨ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠂ ᠡᠨᠡ ᠨᠢ ᠨᠡᠶᠢᠭᠡᠮ ᠵᠢᠷᠤᠮᠲᠤ | ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠤᠯᠤᠰ ᠲᠦᠷᠦ ᠶᠢᠨ ᠳᠠᠪᠠᠭᠤᠯᠢᠭ ᠢ ᠭᠦᠢᠴᠡᠳ | ᠢᠯᠡᠷᠡᠭᠦᠯᠵᠦ᠂ ᠪᠦᠭᠦ ᠳᠤᠮᠳᠠᠳᠤ ᠤᠯᠤᠰ ᠤᠨ 56 ᠦᠨᠳᠦᠰᠦᠲᠡᠨ ᠤ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ | ᠪᠠ ᠳᠡᠮᠵᠢᠯᠭᠡ ᠶᠢ ᠣᠯᠣᠭᠰᠠᠨ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ | ᠪᠣᠯᠣᠨ ᠹᠢᠵᠢ ᠪᠣᠯ ᠴᠥᠮ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠲᠤ ᠬᠠᠷᠢᠶᠠᠯᠠᠭᠳᠠᠨ᠎ᠠ᠂ ᠳᠤᠮᠳᠠᠳᠤ | ᠤᠯᠤᠰ ᠳᠤᠷᠠᠲᠠᠶ᠎ᠠ ᠹᠢᠵᠢ ᠵᠡᠷᠭᠡ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠳᠤ ᠬᠠᠪᠰᠤᠷᠤᠯᠭ᠎ᠠ ᠬᠠᠩᠭᠠᠵᠤ᠂ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠣᠮᠣᠬᠠᠨ | ᠲᠠᠯᠠᠢ ᠶᠢ ᠲᠠᠶᠢᠪᠤᠩ ᠲᠠᠯᠠᠢ᠂ ᠨᠥᠬᠦᠷᠯᠡᠯ ᠤᠨ ᠲᠠᠯᠠᠢ᠂ ᠬᠠᠮᠲᠤᠷᠠᠯᠴᠠᠭᠠᠨ ᠤ ᠲᠠᠯᠠᠢ ᠪᠣᠯᠭᠠᠨ᠎ᠠ ᠭᠡᠵᠦ ᠴᠢᠬᠤᠯᠠᠴᠢᠯᠠᠪᠠ᠃ | ᠯᠠᠨᠪᠦ᠋ᠺᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠫᠠᠷᠢᠰ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ ᠳᠤ ᠪᠠᠶᠠᠷ ᠬᠦᠷᠭᠡᠪᠡ᠃ ᠯᠠᠨᠪᠦ᠋ᠺᠠ᠂ | ᠪᠢ 30 ᠵᠢᠯ ᠤᠨ ᠡᠮᠦᠨ᠎ᠡ ᠶᠡᠷᠦᠩᠬᠡᠢ ᠰᠠᠶᠢᠳ ᠤᠨ ᠬᠤᠪᠢ ᠪᠠᠷ ᠳᠤᠮᠳᠠᠳᠤ ᠤᠯᠤᠰ ᠲᠤ ᠠᠶᠢᠯᠴᠢᠯᠠᠵᠤ ᠥᠩᠭᠡᠷᠡᠭᠰᠡᠨ ᠶᠤᠮ | ᠂ ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ ᠶᠦᠨᠨᠠᠨ᠂ ᠹᠦᠵᠢᠶᠠᠨ᠂ ᠵᠧᠵᠢᠶᠠᠩ ᠵᠡᠷᠭᠡ ᠭᠠᠵᠠᠷ ᠢᠶᠠᠷ | ᠲᠣᠭᠤᠷᠢᠨ ᠦᠵᠡᠵᠦ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠶᠠᠳᠠᠭᠤ | ᠬᠦᠴᠢᠷᠳᠡᠯ ᠢ ᠠᠷᠢᠯᠭᠠᠭᠰᠠᠨ ᠪᠠ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠭᠤᠤ ᠶᠡᠭᠡ ᠭᠠᠶᠢᠬᠠᠮᠰᠢᠭ ᠪᠣᠯᠣᠨ ᠯᠤᠲᠤ ᠶᠡᠭᠡ | ᠠᠮᠵᠢᠯᠲᠠ ᠪᠦᠲᠦᠮᠵᠢ ᠶᠢ ᠪᠡᠶ᠎ᠡ ᠪᠠᠷ ᠢᠶᠠᠨ ᠭᠡᠷᠡᠴᠢᠯᠡᠵᠦ᠂ ᠶᠡᠬᠡᠳᠡ ᠪᠢᠰᠢᠷᠡᠵᠦ ᠪᠠᠶᠢᠨ᠎ᠠ᠃ ᠪᠢ ᠳᠤᠮᠳᠠᠳᠤ ᠤᠯᠤᠰ ᠤᠨ | ᠲᠡᠷᠢᠭᠦᠨ ᠤ ᠣᠶᠢᠯᠠᠭᠠᠭᠳᠠᠬᠤᠨ ᠪᠣᠯᠣᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠢᠯᠠᠩᠭᠤᠶ᠎ᠠ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠲᠦᠮᠡᠨ ᠤ ᠬᠦᠰᠡᠯ ᠪᠤᠳᠤᠯ ᠢ ᠰᠣᠨᠣᠰᠴᠤ᠂ ᠳᠤᠮᠳᠠᠳᠤ ᠤᠯᠤᠰ ᠯᠤᠭ᠎ᠠ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠠᠭᠤᠷᠢ ᠲᠥᠬᠦᠭᠡᠷᠦᠮᠵᠢ᠂ ᠬᠤᠯᠪᠣᠯᠳᠤᠨ ᠨᠡᠪᠲᠡᠷᠡᠯᠴᠡᠬᠦ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠹᠢᠵᠢ ᠶᠢᠨ ᠲᠠᠯ᠎ᠠ ᠳᠤᠮᠳᠠᠳᠤ ᠤᠯᠤᠰ ᠤᠨ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠷᠢᠮᠲᠠᠯᠠᠬᠤ ᠶᠢ ᠮᠠᠭᠲᠠᠨ ᠰᠠᠶᠢᠰᠢᠶᠠᠵᠤ᠂ ᠲᠡᠷᠢᠭᠦᠯᠡᠭᠴᠢ | ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠦᠷᠭᠦᠯᠵᠢᠯᠡᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂ ᠨᠣᠮᠣᠬᠠᠨ | ᠳᠠᠯᠠᠢ ᠶᠢᠨ ᠠᠷᠠᠯᠲᠤ ᠤᠯᠤᠰ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠨᠣᠮᠣᠬᠠᠨ | ᠳᠠᠯᠠᠢ ᠶᠢ ᠲᠠᠶᠢᠪᠤᠩ ᠳᠠᠯᠠᠢ ᠪᠣᠯᠭᠠᠨ᠎ᠠ᠃ ᠹᠢᠵᠢ ᠶᠢᠨ ᠲᠠᠯ᠎ᠠ ᠲᠠᠶᠢᠸᠠᠨ ᠤ ᠠᠰᠠᠭᠤᠳᠠᠯ ᠳᠡᠭᠡᠷᠡᠬᠢ ᠳᠤᠮᠳᠠᠳᠤ ᠤᠯᠤᠰ ᠤᠨ | ᠵᠣᠭᠰᠣᠯᠲᠠ ᠶᠢ ᠪᠦᠷᠢᠮᠦᠰᠦᠨ ᠣᠶᠢᠯᠠᠭᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠭᠤᠶᠢᠪᠢᠰᠢ ᠦᠭᠡᠢ ᠬᠡᠷᠡᠭᠵᠢᠭᠦᠯᠦᠨ᠎ᠡ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ | ᠹᠢᠵᠢ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |