| ︵2024 ᠣᠨ ᠤ 8 ᠰᠠᠷ᠎ᠠ ᠶᠢᠨ 22 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠤᠳᠠᠭᠠᠨ ᠤ | ᠪᠦᠭᠦᠳᠡ ᠬᠤᠷᠠᠯᠳᠤᠭᠠᠨ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠤᠳᠠᠭᠠᠨ ᠤ ᠪᠦᠬᠦᠳᠡ ᠬᠤᠷᠠᠯᠳᠤᠭᠠᠨ 2024 ᠣᠨ ᠤ 8 ᠰᠠᠷ᠎ᠠ ᠶᠢᠨ | 22 ᠤ ᠡᠳᠦᠷ ᠪᠤᠷᠤᠬᠤᠲᠠ ᠳᠤ ᠬᠤᠷᠠᠯᠳᠤᠪᠠ᠃ | ᠲᠤᠰ ᠤᠳᠠᠭᠠᠨ ᠤ ᠪᠥᠬᠦᠳᠡ ᠬᠤᠷᠠᠯᠳᠤᠭᠠᠨ ᠳᠤ ᠬᠤᠰᠢᠭᠤᠨ ᠤ ᠨᠠᠮ ᠤᠨ ᠬᠤᠷᠢᠶᠠᠨ ᠤ 30 ᠭᠡᠰᠢᠭᠦᠨ᠂ | 4 ᠣᠷᠣᠯᠠᠭᠴᠢ ᠭᠡᠰᠢᠭᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠠᠮᠢᠶ᠎ᠠ | ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠤᠲᠠ᠂ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠰᠡᠭ ᠲᠦᠯᠥᠭᠡᠯᠡᠭᠴᠢᠳ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠰᠤᠯᠠ | ᠣᠷᠣᠯᠴᠠᠪᠠ᠃ | ᠪᠥᠬᠦᠳᠡ ᠬᠤᠷᠠᠯᠳᠤᠭᠠᠨ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠮᠦᠩᠬᠡ ᠶᠠᠷᠢᠶ᠎ᠠ ᠲᠠᠯᠪᠢᠪᠠ᠃ | ᠪᠦᠬᠦᠳᠡ ᠬᠤᠷᠠᠯᠳᠤᠭᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠳᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ | ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ | ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠣᠨ ᠶᠠᠷᠢᠯᠴᠠᠪᠠ᠃ ︽ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯᠣᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ | ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠣᠩᠨᠢᠭᠤᠳ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠳᠣᠣᠷ᠎ᠠ | ᠬᠠᠭᠠᠰ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠮᠥᠩᠬᠡ ︽ | ᠬᠡᠷᠡᠭᠵᠢᠭᠦᠯᠬᠦ ᠲᠥᠰᠦᠯ︾ ᠤᠨ ᠲᠤᠬᠠᠶ ᠪᠥᠬᠦᠳᠡ ᠬᠤᠷᠠᠯᠳᠤᠭᠠᠨ ᠳᠤ ᠲᠣᠳᠣᠷᠬᠠᠶᠢᠯᠠᠯᠲᠠ ᠬᠢᠪᠠ᠃ | ᠪᠥᠬᠦᠳᠡ ᠬᠤᠷᠠᠯᠳᠤᠭᠠᠨ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ | ᠨᠠᠰᠢᠬᠢ ᠠᠵᠢᠯ ᠢ ᠭᠦᠢᠴᠡᠳ ᠨᠤᠲᠠᠯᠠᠪᠠ᠃ ᠬᠤᠷᠠᠯ ᠳᠤ ᠣᠷᠣᠯᠴᠠᠭᠰᠠᠳ ᠠᠴᠠ ᠪᠦᠬᠦ ᠬᠤᠰᠢᠭᠤᠨ ᠤ ︽ᠬᠤᠶᠠᠷ | ᠶᠡᠭᠡ ᠶᠠᠪᠤᠳᠠᠯ︾ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ | ᠪᠣᠳᠠᠲᠠᠶ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠨᠠᠮ ᠤᠨ | ᠪᠠᠶᠢᠭᠤᠯᠤᠯᠲᠠ ᠪᠥᠬᠦ ᠲᠠᠯ᠎ᠠ ᠪᠠᠷ ᠴᠢᠩᠭᠠᠷᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠪᠠ ᠭᠡᠵᠦ ᠰᠠᠨᠠᠯ ᠨᠢᠭᠡᠲᠡᠶ ᠦᠵᠡᠪᠡ᠃ | ᠪᠦᠬᠦᠳᠡ ᠬᠤᠷᠠᠯᠳᠤᠭᠠᠨ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ | ᠭᠦᠨᠵᠡᠭᠡᠶ ᠤᠶᠢᠯᠠᠭᠠᠨ ᠡᠵᠡᠮᠰᠢᠵᠦ᠂ ᠬᠥᠮᠦᠵᠢᠯ ᠪᠤᠯᠪᠠᠰᠤᠷᠠᠯ ᠪᠠ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠶ | ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠡᠢ᠃ | ᠪᠦᠬᠦᠳᠡ ᠬᠤᠷᠠᠯᠳᠤᠭᠠᠨ ᠠᠴᠠ᠂ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ | ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠬᠦ ᠳᠤ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠢ᠃ ᠥᠭᠡᠷᠡᠴᠢᠯᠡᠯᠲᠡ ᠶᠢᠨ | ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠵᠦ᠂ ᠥᠭᠡᠷᠡᠴᠢᠯᠡᠵᠦ ᠳᠡᠶᠢᠯᠬᠦ ᠶᠢ ᠨᠢ ᠤᠷᠢᠳᠠᠪᠠᠷ | ᠥᠭᠡᠷᠡᠴᠢᠯᠡᠵᠦ᠂ ᠬᠢᠵᠦ ᠳᠡᠶᠢᠯᠬᠦ ᠶᠢ ᠨᠢ ᠤᠷᠢᠳᠠᠪᠠᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠰᠠᠭᠤᠳᠠᠯ ᠤᠨ ᠲᠦᠭᠵᠢᠷᠡᠯ ᠢ ᠰᠢᠰᠲ᠋ᠧᠮ ᠲᠠᠢ ᠡᠮᠬᠢᠯᠡᠵᠦ᠂ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ | ᠰᠠᠭᠠᠳ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ | ᠬᠦᠴᠢᠷ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠬᠤᠪᠢᠰᠤᠯᠲᠠ ᠬᠢᠵᠦ ᠰᠢᠨ᠎ᠡ ᠶᠢ ᠡᠭᠦᠳᠬᠦ᠂ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ ᠲᠣᠭᠲᠠᠴᠠ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ᠂ ᠭᠤᠣᠯᠳᠠᠯᠭ᠎ᠠ ᠲᠠᠢ ᠠᠵᠢᠯ ᠤᠨ | ᠬᠠᠮᠵᠢᠯᠴᠠᠨ ᠬᠥᠳᠡᠯᠦᠯᠴᠡᠬᠦ ᠠᠵᠢᠯ ᠤᠨ ᠲᠣᠭᠲᠠᠴᠠ ᠪᠣᠯᠤᠨ ᠲᠤᠳᠤᠭᠠᠳᠤ ᠣᠷᠴᠢᠯ ᠤᠨ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠦᠢᠯᠡᠰ ᠪᠤᠰᠬᠠᠬᠤ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃ | ᠪᠥᠬᠦᠳᠡ ᠬᠤᠷᠠᠯᠳᠤᠭᠠᠨ ᠠᠴᠠ᠂ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ | ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠳᠤᠭᠤᠰᠢᠯᠠᠭᠤᠯᠵᠤ᠂ ᠠᠵᠢᠯ ᠤᠨ ᠭᠤᠣᠯ ᠱᠤᠭᠤᠮ ᠢ ᠡᠯ᠎ᠡ ᠵᠦᠢᠯ ᠤᠨ ᠠᠵᠢᠯ᠂ ᠡᠯ᠎ᠡ ᠠᠵᠢᠯ ᠲᠦᠷᠦᠯ ᠡᠯ᠎ᠡ | ᠬᠦᠷᠢᠶᠡᠨ ᠳᠤ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠳᠤᠭᠤᠰᠢᠯᠠᠭᠤᠯᠵᠤ᠂ ︽ᠨᠠᠮ ᠤᠨ ᠠᠴᠢ ᠳᠤ ᠲᠠᠯᠠᠷᠬᠠᠨ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ | ᠡᠭᠦᠳᠬᠦ ᠳᠤ ᠬᠦᠴᠦ ᠨᠡᠮᠡᠷᠢᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ︽ᠠᠵᠤ ᠦᠢᠯᠡᠳᠪᠦᠷᠢ ᠶᠢ ᠶᠡᠬᠡᠪᠡᠷ ᠠᠳᠬᠤᠬᠤ᠂ | ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠨᠢᠭᠡᠳᠦᠭᠡᠷ ᠠᠵᠤ | ᠦᠢᠯᠡᠰ ᠢ ᠬᠦᠴᠦᠷᠬᠡᠭᠵᠢᠭᠦᠯᠦᠨ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠳᠤᠭᠠᠷ ᠠᠵᠤ | ᠦᠢᠯᠡᠰ ᠢ ᠠᠮᠢᠳᠤᠯᠢᠭ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠶᠢ | ᠲᠦᠷᠭᠡᠳᠬᠡᠵᠦ᠂ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ | ᠶᠡᠬᠡᠪᠡᠷ ᠬᠡᠷᠡᠭᠵᠢᠭᠦᠯᠵᠦ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠢ | ᠠᠮᠢᠳᠤᠯᠢᠭ ᠪᠣᠯᠭᠠᠵᠤ᠂ ᠭᠠᠳᠠᠭᠠᠳᠤ ᠰᠣᠯᠢᠯᠴᠠᠭ᠎ᠠ ᠪᠠ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠦᠨᠵᠡᠭᠡᠢ ᠥᠷᠨᠢᠭᠦᠯᠵᠦ᠂ ᠬᠠᠤᠯᠢ ᠪᠠᠷ ᠵᠠᠰᠠᠬᠤ ᠰᠢᠯᠢᠳᠡᠭ | ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠦᠷᠢᠨᠰᠢᠬᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠡᠷᠡᠰ ᠰᠢᠭᠤᠷᠬᠠᠢ | ᠬᠢᠵᠦ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢ ᠨᠢᠭᠡ | ᠴᠤᠬᠴᠠᠵᠢᠭᠤᠯᠤᠬᠰᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠯᠡᠰᠦ ᠶᠢ ᠵᠠᠰᠠᠬᠤ ᠤᠯᠠᠨ | ᠡᠰᠢᠴᠢᠯᠡᠭᠰᠡᠨ ᠪᠡᠯᠡ ᠣᠷᠣᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠬᠤ | ᠠᠰᠠᠭᠤᠳᠠᠯ ᠢ ᠰᠢᠢᠳᠪᠦᠷᠢᠯᠡᠬᠦ ᠲᠦᠷᠢᠮ ᠲᠣᠭᠲᠠᠴᠠ ᠶᠢ ᠪᠦᠷᠢᠨᠰᠢᠬᠦᠯᠵᠤ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠳᠬᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠬᠥᠮᠦᠰ ᠤᠨ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ︽ᠨᠡᠭᠦᠷᠡᠰᠦᠲᠥ᠋ᠷᠥᠭᠴᠢ ᠶᠢ ᠪᠦᠭᠡᠮᠨᠡᠷᠡᠭᠦᠯᠬᠦ︾ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠪᠣᠯᠤᠨ ︽ᠭᠤᠷᠪᠠ ᠶᠢ ᠨᠢᠭᠡ ᠴᠤᠬᠴᠠᠵᠢᠭᠤᠯᠬᠤ︾ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ | ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠪᠣᠯᠤᠨ ᠡᠷᠬᠡ᠂ ᠡᠬᠢ ᠪᠠᠶᠠᠯᠢᠭ ᠢ | ᠬᠠᠷᠢᠯᠴᠠᠨ ᠵᠣᠬᠢᠴᠠᠭᠤᠯᠬᠤ ᠲᠦᠷᠢᠮ ᠢ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ | ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ | ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠣᠯᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠡᠮ | ᠰᠣᠭᠤᠭ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠡᠶᠢᠭᠡᠮ ᠤᠨ ᠵᠢᠷᠤᠮᠵᠢᠯ ᠤᠨ | ᠦᠢᠯᠡᠳᠦᠯ ᠢ ᠪᠠᠳᠠᠷᠠᠭᠤᠯᠵᠤ᠂ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢᠶᠠᠷ ᠤᠯᠠᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠡᠢ᠃ | ᠪᠦᠬᠦᠳᠡ ᠬᠤᠷᠠᠯᠳᠤᠭᠠᠨ ᠠᠴᠠ᠂ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠦᠷᠭᠦᠯᠵᠢᠯᠡᠨ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ | ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠪᠠᠬᠢᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠲᠡᠶᠢᠯᠬᠦ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ᠂ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ᠂ ᠠᠮᠤᠷ ᠠᠮᠤᠭᠤᠯᠠᠩ ᠤᠯᠤᠰ ᠲᠦᠷᠦ ᠶᠢᠨ ᠠᠮᠢ ᠠᠬᠤᠢ ᠶᠢ | ᠪᠤᠢ ᠪᠣᠯᠭᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠪᠠ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠦᠨ | ᠰᠤᠩᠭᠤᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠵᠦᠷᠢᠶᠡᠴᠢᠯᠡᠭᠰᠡᠨ ᠬᠢᠨᠠᠨ ᠰᠢᠯᠭᠠᠯᠲᠠ᠂ ᠠᠯᠳᠠᠭ᠎ᠠ | ᠪᠤᠷᠤᠭᠤ ᠶᠢ ᠠᠭᠤᠴᠢᠯᠠᠨ ᠵᠠᠯᠠᠷᠠᠭᠤᠯᠬᠤ᠂ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠺᠠᠳ᠋ᠷ ᠤᠨ ᠲᠠᠪᠰᠢᠵᠤ ᠪᠣᠯᠬᠤ ᠪᠠ ᠪᠠᠭᠤᠵᠤ ᠪᠣᠯᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ | ᠺᠠᠳ᠋ᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ | ᠦᠷᠭᠦᠯᠵᠢᠯᠡᠨ ᠰᠠᠶᠢᠵᠢᠷᠠᠭᠤᠯᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ | ᠬᠠᠷᠠᠯᠲᠠ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠩᠰᠠ ᠮᠡᠳᠡᠭᠦᠯᠬᠦ ᠤᠬᠠᠮᠰᠠᠷ᠂ | ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ | ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ︽ᠲᠦᠷᠪᠡᠨ ᠰᠤᠷᠲᠠᠯ︾ ᠢ ᠴᠡᠭᠴᠡᠯᠡᠨ ᠵᠠᠰᠠᠵᠤ᠂ ︽ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ | ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ | ᠪᠦᠳᠦᠭᠦᠯᠢᠭ ᠬᠠᠭᠤᠷᠮᠠᠭ︾ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠬᠦᠴᠦ ᠣᠷᠣᠭᠤᠯᠤᠨ ︽ᠪᠤᠯᠬᠢ ᠪᠦᠳᠥᠭᠦᠯᠢᠭ ᠠᠯᠵᠠᠭᠤ ᠵᠠᠯᠬᠠᠭᠤ ᠰᠤᠯᠠ ᠵᠠᠳᠠᠭᠠᠢ︾ | ᠪᠠᠶᠢᠬᠤ ᠶᠢ ᠵᠠᠰᠠᠨ ᠴᠡᠭᠴᠡᠯᠡᠵᠥ᠂ ᠵᠢᠷᠤᠮᠵᠢᠯ ᠲᠠᠢ᠂ ᠴᠤᠮᠬᠠᠳᠬᠠᠬᠤ᠂ ᠬᠤᠷᠳᠤᠴᠠ ᠪᠠᠨ ᠲᠦᠷᠭᠡᠳᠬᠡᠬᠦ ᠶᠢ ᠭᠦᠨᠵᠡᠭᠡᠢ | ᠠᠬᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠨᠡᠩ ᠤᠯᠠᠨ ᠴᠠᠭ ᠪᠠ ᠤᠶᠤᠨ ᠴᠢᠳᠠᠯ ᠢᠶᠠᠨ ᠬᠥᠭᠵᠢᠯᠲᠡ | ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠵᠤᠷᠢᠭᠤᠯᠬᠤ ᠶᠢ ᠪᠠᠲᠤᠯᠠᠬᠤ ᠬᠡᠷᠡᠭᠳᠡᠢ ᠭᠡᠵᠡᠢ᠃ | ᠪᠥᠬᠦᠳᠡ ᠬᠤᠷᠠᠯᠳᠤᠭᠠᠨ ᠠᠴᠠ᠂ ︽ᠬᠤᠶᠠᠷ ᠶᠡᠭᠡ ᠡᠭᠦᠷᠭᠡ︾ ᠶᠢ ᠰᠠᠶᠢᠲᠤᠷ ᠬᠢᠵᠦ᠂ ︽ᠲᠠᠪᠤᠨ ᠶᠡᠭᠡ | ᠡᠭᠦᠷᠭᠡ︾ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠬᠥᠭᠵᠢᠯᠲᠡ ᠶᠢᠨ ᠲᠡᠷᠢᠭᠦᠨ | ᠴᠢᠬᠤᠯᠠ ᠡᠭᠦᠷᠭᠡ ᠶᠢ ᠭᠤᠶᠢᠪᠢᠰᠢ ᠥᠬᠡᠶ ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶᠡᠵᠢᠯ ᠳᠤ ᠨᠠᠷᠢᠯᠢᠭ ᠣᠨᠣᠴᠠᠲᠠᠶ ᠪᠠᠷ | ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠥᠨᠳᠥᠷ ᠬᠡᠪ | ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯᠳᠤᠭᠠᠨ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠᠨ ᠴᠢᠯᠥᠭᠡᠯᠡᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠶ ᠪᠠᠷ ᠥᠭᠡᠷᠡᠴᠢᠯᠡᠯᠲᠡ ᠬᠢᠵᠦ᠂ ᠬᠥᠭᠵᠢᠯᠲᠡ ᠶᠢ ᠲᠦᠷᠭᠡᠳᠬᠡᠨ᠂ | ᠣᠳᠣᠬᠢᠴᠢᠯᠠᠭᠰᠠᠨ ᠰᠢᠨ᠎ᠡ ᠣᠩᠨᠢᠭᠤᠳ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ | ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠤᠷᠢᠶᠠᠯᠠᠪᠠ᠃ | | |