| | ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ | ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ ᠪᠤᠢ᠃ ᠨᠢᠭᠡ ᠳᠤ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ᠨᠠᠰᠤᠲᠠᠶᠢᠴᠤᠳ ᠪᠠ ᠨᠢᠯᠬᠠᠰ︾᠂ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠠᠳ ᠦᠭᠡᠶᠢᠵᠢᠭᠦᠯᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ | ᠂ ᠨᠡᠶᠢᠭᠡᠮ ᠲᠣᠭᠤᠷᠢᠭ ᠤᠨ 15 ᠮᠢᠨᠦ᠋ᠲ ᠤᠨ ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ᠃ 7 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ 2.97 ᠲᠦᠮᠡᠨ ᠺᠦᠸᠠᠳ᠋ ᠮᠧᠳ᠋ᠷ ᠤᠨ ᠰᠣᠶᠣᠯ ᠰᠡᠯᠡᠭᠦᠴᠡᠯ᠂ ᠣᠯᠠᠨ | ᠨᠡᠶᠢᠲᠡ ᠶᠢᠨ ᠵᠦᠯᠭᠡ ᠭᠠᠵᠠᠷ ᠵᠡᠷᠭᠡ ᠰᠢᠨ᠎ᠡ ᠪᠠᠷ ᠨᠡᠮᠡᠭᠳᠡᠪᠡ᠃ ᠬᠤᠶᠠᠷ ᠲᠤ ᠬᠠᠭᠤᠴᠢᠨ ᠰᠠᠭᠤᠭᠠᠯᠢ ᠲᠣᠭᠤᠷᠢᠭ ᠤᠨ | ᠴᠠᠬᠢᠯᠭᠠᠨ ᠬᠦᠴᠦᠨ ᠤ ᠪᠠᠭᠲᠠᠭᠠᠮᠵᠢ ᠶᠢ ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ | ᠰᠠᠭᠤᠭᠠᠯᠢ ᠲᠣᠭᠤᠷᠢᠭ ᠤᠨ ᠣᠲᠣ ᠶᠢᠨ ᠪᠠᠶᠢᠭ᠎ᠠ ᠲᠡᠷᠭᠡ ᠵᠣᠭᠰᠣᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ | ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠡᠷᠭᠡ | ᠵᠣᠭᠰᠣᠭᠠᠬᠤ ᠪᠠᠶᠢᠷᠢ ᠶᠢ ᠨᠡᠮᠡᠵᠦ ᠲᠣᠬᠢᠷᠠᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ | ᠶᠣᠰᠣᠭᠠᠷ ᠪᠦᠲᠦᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠪᠡᠯᠡᠨ ᠪᠣᠯᠭᠠᠪᠠ᠃ 7 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ | ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠨᠡᠶᠢᠲᠡ 714 ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ ᠨᠢᠭᠡᠨᠲᠡ | ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠲᠦᠯᠬᠢᠨ ᠠᠬᠢᠭᠤᠯᠪᠠ᠃ 2024 ᠣᠨ ᠳᠤ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ | ᠵᠠᠰᠠᠬᠤ ᠲᠠᠯᠠᠪᠠᠶ ᠶᠢ 200 ᠲᠦᠮᠡᠨ ᠺᠦᠸᠠᠳ᠋ ᠮᠧᠳ᠋ᠷ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ | ᠣᠳᠣᠬᠠᠨ ᠳᠤ ᠨᠢᠭᠡᠨᠲᠡ 104.4 ᠲᠦᠮᠡᠨ ᠺᠦᠸᠠᠳ᠋ ᠮᠧᠳ᠋ᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ |