ᠬᠤᠰᠢᠭᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/29
        8 ᠰᠠᠷ᠎ᠠ ᠶᠢᠨ 27 ᠤ ᠡᠳᠦᠷ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠦᠩᠬᠡ ᠬᠤᠰᠢᠭᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠡᠰᠢᠭᠦᠳ ᠵᠢᠴᠢ ᠬᠡᠰᠡᠭ ᠭᠠᠵᠠᠷ ᠤᠨ ᠲᠠᠰ ᠤᠨ ᠤᠳᠤᠷᠢᠳᠬᠤ ᠨᠥᠬᠦᠳ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃         ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠪᠣᠯᠣᠨ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠭᠲᠠᠭᠠᠯ︾ ᠤᠨ ᠲᠣᠳᠣᠷᠬᠠᠶᠢᠯᠠᠯᠲᠠ ᠵᠢᠴᠢ ᠲᠥᠪ ᠬᠤᠷᠢᠶ᠎ᠠ ᠪᠤᠯᠤᠨ ᠲᠦᠷᠦ ᠶᠢᠨ ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠤᠬᠠᠢ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠠ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃         ᠮᠦᠩᠬᠡ᠂ ᠬᠤ᠋ ᠹᠧᠩ ᠶᠠᠨ᠂ ᠵᠠᠩ ᠵᠢᠦ ᠫᠦᠸᠧ᠂ ᠳ᠋ᠦᠩ ᠵᠢᠦ ᠪᠢᠩ ᠵᠡᠷᠭᠡ ᠤᠳᠤᠷᠢᠳᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠦᠵᠡᠯ ᠰᠠᠨᠠᠭ᠎ᠠ ᠦᠶ᠋ᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠭᠡᠨ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠥᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠃ ᠠᠵᠤ ᠠᠬᠤᠢ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠤᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠥᠭᠡᠷᠡᠴᠢᠯᠡᠯᠲᠡ ᠶᠢᠨ ᠤᠬᠠᠮᠰᠠᠷ ᠪᠣᠯᠤᠨ ᠰᠢᠨ᠎ᠡ ᠶᠢ ᠡᠭᠦᠳᠬᠦ ᠰᠡᠳᠬᠢᠬᠦᠢ ᠪᠠᠨ ᠴᠢᠩᠭᠠᠳᠬᠠᠵᠤ᠂ ᠦᠨᠡᠨ ᠪᠣᠳᠠᠲᠠᠢ ᠠᠵᠢᠯᠯᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠤᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号