ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠪᠠ︕ ᠶᠡᠭᠡ ᠬᠡᠪᠴᠢᠶᠡᠨ ᠤ ᠲᠦᠭᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢ ᠰᠢᠨ᠎ᠡ ᠪᠠᠷ ᠰᠣᠯᠢᠬᠤ ᠳᠤ ᠰᠢᠨ᠎ᠡ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/5

ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠪᠠᠶᠡᠭᠡ ᠬᠡᠪᠴᠢᠶᠡᠨ ᠤ ᠲᠦᠭᠦᠭᠡᠷᠦᠮᠵᠢ ᠶᠢ ᠰᠢᠨᠡᠳᠬᠡᠬᠦ

ᠪᠠ ᠬᠡᠷᠡᠭᠯᠡᠭᠡ ᠶᠢᠨ ᠵᠦᠢᠯ ᠤᠨᠬᠠᠭᠤᠴᠢᠨ ᠢ ᠰᠢᠨ᠎ᠡ ᠪᠠᠷ ᠰᠣᠯᠢᠬᠤ ᠳᠤ ᠰᠢᠨ᠎ᠡ ᠪᠠᠶᠢᠷᠢᠯᠠᠭᠤᠯᠤᠯᠲᠠ ᠬᠢᠪᠡ

7 ᠳ᠋ᠤᠭᠠᠷ ᠰᠠᠷ᠎ᠠ ᠶᠢᠨ 19 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠶᠡᠭᠡ

ᠬᠡᠪᠴᠢᠶᠡᠨ ᠤ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ

ᠰᠢᠨ᠎ᠡ ᠪᠠᠷ ᠰᠣᠯᠢᠬᠤ ᠶᠢ ᠨᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃

ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ

ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠠᠪᠤᠳᠠᠯ ᠨᠢ ᠲᠠᠲᠠᠬᠤ ᠴᠢᠨᠠᠷ ᠳᠠᠶᠢᠴᠢᠯᠠᠬᠤ

ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠲᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠨᠢ

ᠳᠣᠲᠣᠭᠠᠳᠤ ᠬᠡᠷᠡᠭᠴᠡᠭᠡᠨ ᠤ ᠳᠠᠯᠳᠠ ᠬᠦᠴᠦ ᠶᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠶᠤᠮ᠂

ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ —
   ᠤᠯᠤᠰ ᠤᠨ ᠬᠡᠳᠦ ᠤᠷᠲᠤ ᠬᠤᠭᠤᠴᠠᠭ᠎ᠠ ᠲᠠᠢ

ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠶᠡᠭᠡ ᠬᠡᠪᠴᠢᠶᠡᠨ ᠤ

ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ

ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃

ᠲᠣᠨᠤᠭ ᠲᠥᠬᠦᠭᠡᠷᠦᠮᠵᠢ ᠪᠠᠨ ᠰᠢᠨᠡᠳᠬᠡᠬᠦ ᠲᠦᠷᠦᠯ ᠵᠦᠢᠯ ᠢ ᠳᠡᠮᠵᠢᠬᠦ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂

ᠳᠡᠮᠵᠢᠬᠦ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠷᠠᠭᠰᠠᠨ ᠴᠠᠬᠢᠯᠭᠠᠨ ᠱᠠᠲᠤ ᠵᠡᠷᠭᠡ ᠬᠦᠷᠢᠶᠡᠨ ᠤ

ᠲᠥᠬᠦᠭᠡᠷᠦᠮᠵᠢ ᠶᠢ ᠰᠢᠨᠡᠳᠬᠡᠬᠦ ᠵᠢᠴᠢ ᠭᠤᠤᠯᠳᠠᠯᠭ᠎ᠠ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠵᠤ

ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠮᠤᠷ ᠲᠦᠪᠰᠢᠨ ᠤ ᠥᠭᠡᠷᠡᠴᠢᠯᠡᠨ

ᠰᠢᠨᠡᠳᠭᠡᠬᠦ ᠬᠦᠷᠢᠶᠡᠨ ᠳᠤ ᠬᠦᠷᠲᠡᠯ᠎ᠡ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠨᠢ

ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠨᠢ ᠳᠥᠭᠦᠮᠴᠢᠯᠡᠨ᠎ᠡ᠃
   ᠲᠡᠭᠡᠭᠡᠪᠦᠷᠢ ᠶᠢᠨ

ᠬᠠᠭᠤᠴᠢᠷᠬᠠᠰᠠᠨ ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠬᠠᠰᠠᠨ ᠪᠠᠷᠠᠭᠠᠨ ᠤ ᠮᠠᠰᠢᠨ

ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠨᠢ ᠳᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ᠂ ᠰᠢᠨ᠎ᠡ

ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠡᠷᠭᠡ ᠶᠢ ᠰᠢᠨᠡᠳᠬᠡᠬᠦ ᠳᠤ ᠨᠥᠬᠦᠪᠥᠷᠢ ᠣᠯᠭᠤᠬᠤ ᠪᠠᠷᠢᠮᠵᠢᠶ᠎ᠠ ᠶᠢ

ᠳᠡᠭᠡᠭᠰᠢᠯᠡᠭᠦᠯᠦᠨ᠂ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠡᠳ᠋ ᠤᠨ ᠵᠠᠰᠠᠭ ᠤᠨ ᠳᠠᠮ ᠬᠦᠦ ᠮᠥᠩᠬᠦ ᠥᠭᠬᠦ

ᠬᠠᠷᠢᠴᠠᠯ ᠢ ᠨᠢ ᠳᠡᠭᠡᠭᠰᠢᠯᠡᠭᠦᠯᠦᠨ᠎ᠡ᠃
   ᠣᠷᠣᠨ ᠨᠤᠲᠤᠭ ᠤᠨ ᠬᠢᠨ ᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ

ᠰᠢᠨ᠎ᠡ ᠪᠠᠷ ᠰᠣᠯᠢᠬᠤ ᠴᠢᠳᠠᠪᠤᠷᠢ ᠪᠠᠨ ᠴᠢᠩᠭᠠᠳᠬᠠᠬᠤ ᠶᠢ ᠳᠡᠮᠵᠢᠵᠦ᠂ ᠮᠠᠰᠢᠨ ᠲᠡᠷᠭᠡ ᠶᠢ ᠬᠡᠷᠡᠭᠯᠡᠭᠡᠨ ᠠᠴᠠ

ᠭᠠᠷᠭᠠᠵᠤ ᠰᠢᠨᠡᠳᠬᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠦᠢᠯᠡᠳᠬᠦᠨ ᠢᠶᠠᠨ ᠰᠢᠨ᠎ᠡ ᠪᠠᠷ ᠰᠣᠯᠢᠬᠤ ᠳᠤ

ᠨᠥᠬᠦᠪᠥᠷᠢ ᠣᠯᠭᠤᠬᠤ ᠡᠷᠴᠢᠮ ᠢ ᠴᠢᠩᠭᠠᠷᠠᠭᠤᠯᠤᠨ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠬᠦᠨ ᠢ

ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠤ ᠪᠡᠯᠡ ᠮᠦᠩᠭᠦᠨ ᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠤᠨ᠎ᠠ᠃
   ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂

ᠠᠳᠠᠯᠢ ᠪᠤᠰᠤ ᠥᠮᠴᠢᠯᠡᠯ ᠤᠨ ᠳᠦᠷᠢᠮ᠂ ᠠᠳᠠᠯᠢ ᠪᠤᠰᠤ ᠭᠠᠵᠠᠷ ᠲᠤ ᠳᠠᠩᠰᠠᠯᠠᠭᠤᠯᠤᠭᠰᠠᠨ ᠠᠵᠤ

ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠭᠥᠷᠳᠡᠬᠦ ᠶᠢ ᠨᠢ ᠨᠢᠭᠡ ᠯᠡ ᠠᠳᠠᠯᠢ ᠪᠠᠷ ᠳᠡᠮᠵᠢᠵᠦ᠂ ᠲᠥᠷᠥ ᠶᠢᠨ

ᠪᠣᠳᠣᠯᠭ᠎ᠠ ᠶᠢ ᠨᠠᠶᠢᠳᠠᠪᠤᠷᠢᠵᠢᠭᠤᠯᠵᠤ ᠪᠤᠲᠠᠲᠠᠶᠢᠵᠢᠭᠤᠯᠬᠤ ᠪᠠᠨ ᠦᠨᠡᠨ ᠬᠦ ᠪᠠᠲᠤᠯᠠᠨ᠎ᠠ᠃

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号