ᠠᠰᠢᠬᠠᠨ ᠰᠤᠮᠤ 8 ᠰᠠᠷᠠᠶᠢᠨ 1 ᠤ ᠴᠡᠷᠢᠭ ᠪᠠᠶᠢᠭᠤᠯᠤᠭᠳᠠᠭᠰᠠᠨ ᠪᠠᠶᠠᠷ ᠢ ᠲᠤᠷᠠᠰᠬᠠᠨ ᠪᠡᠯᠭᠡᠯᠡᠬᠦ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ︾ ᠰᠣᠶᠣᠯ ᠲᠠᠮᠢᠷ ᠤᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2024/8/5
       ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠰᠢᠯᠢᠳᠡᠭ ᠰᠣᠶᠤᠯ ᠰᠤᠷᠲᠠᠯ ᠢ ᠪᠠᠳᠠᠷᠠᠭᠤᠯᠬᠤ᠂ ᠴᠡᠷᠢᠭ ᠠᠴᠠ ᠬᠠᠯᠠᠭᠳᠠᠭᠰᠠᠳ ᠤᠨ ᠬᠠᠮᠲᠤ ᠶᠢᠨ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ 8 ᠰᠠᠷᠠᠶᠢᠨ 1 ᠤ ᠡᠳᠥᠷ᠂ ᠠᠰᠢᠬᠠᠨ ᠰᠤᠮᠤ ᠨᠢ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ︾ ᠰᠣᠶᠣᠯ ᠲᠠᠮᠢᠷ ᠤᠨ ᠠᠵᠢᠯᠯᠠᠭᠠᠨ ᠢ ᠵᠤᠬᠢᠶᠠᠨ ᠪᠠᠶᠢᠭᠤᠯᠪᠠ᠃       ᠲᠤᠰ ᠤᠳᠠᠭᠠᠨ ᠤ ᠠᠵᠢᠯᠯᠠᠭᠠᠨ ᠳᠤ ᠴᠡᠷᠢᠭ ᠤᠨ ᠨᠠᠶᠢᠷᠠᠯ ᠳᠠᠭᠤᠤ᠂ 95-1 ᠮᠠᠶ᠋ᠢᠭ ᠤᠨ ᠶᠠᠪᠠᠭᠠᠨ ᠫᠤᠤ ᠶᠢ ᠵᠠᠳᠠᠯᠵᠤ ᠳᠠᠭᠠᠷᠠᠭᠤᠯᠬᠤ ᠤᠷᠤᠯᠳᠤᠭᠠᠨ᠂ ᠰᠠᠭᠰᠤᠨ ᠪᠥᠮᠪᠦᠭᠡ ᠶᠢᠨ ᠤᠷᠤᠯᠳᠤᠭᠠᠨ ᠵᠡᠷᠭᠡ ᠰᠢᠷᠢᠰ ᠠᠵᠢᠯᠯᠠᠭᠠᠨ ᠢ ᠥᠷᠨᠢᠭᠦᠯᠦᠭᠰᠡᠨ ᠪᠠᠶᠢᠨ᠎ᠠ᠃ ᠶᠠᠪᠠᠭᠠᠨ ᠫᠤᠤ ᠶᠢ ᠵᠠᠳᠠᠯᠵᠤ ᠳᠠᠭᠠᠷᠠᠭᠤᠯᠬᠤ ᠤᠷᠤᠯᠳᠤᠭᠠᠨ ᠪᠠ ᠰᠠᠭᠰᠤᠨ ᠪᠥᠮᠪᠦᠭᠡ ᠶᠢᠨ ᠤᠷᠤᠯᠳᠤᠭᠠᠨ ᠳᠤ ᠲᠤᠰ ᠲᠤᠰ ᠵᠢᠷᠭᠤᠭᠠᠠᠭᠡᠷ ᠭᠠᠴᠠᠭ᠎ᠠ ᠪᠠ ᠨᠠᠷᠢᠠᠭᠤᠤᠯ ᠭᠠᠴᠠᠭ᠎ᠠ ᠲᠡᠷᠢᠭᠦᠨ ᠨᠡᠷ᠎ᠡ ᠳᠤ ᠲᠤᠳᠤᠷᠠᠭᠰᠠᠨ ᠪᠠᠶᠢᠨ᠎ᠠ᠃        ᠲᠤᠰ ᠤᠳᠠᠭᠠᠨ ᠤ ᠠᠵᠢᠯᠯᠠᠭᠠᠨ ᠳᠤ ᠴᠡᠷᠢᠭ ᠠᠴᠠ ᠬᠠᠯᠠᠭᠳᠠᠭᠰᠠᠳ ᠨᠢ ᠭᠠᠴᠠᠭ᠎ᠠ ᠪᠠᠷ ᠳᠤᠭᠤᠶᠢᠯᠠᠩ ᠪᠣᠯᠵᠤ᠂ ᠬᠡᠰᠢᠭᠦᠨ ᠪᠦᠷᠢ ᠬᠠᠮᠳᠤ ᠨᠠᠶᠢᠳᠡ ᠶᠢᠨ ᠢᠶᠠᠨ ᠢᠷᠠᠭᠤ ᠠᠯᠳᠠᠷ ᠤᠨ ᠲᠦᠯᠦᠭᠡ ᠢᠲᠡᠪᠬᠢᠯᠡᠨ ᠣᠷᠤᠯᠴᠠᠵᠤ᠂ ᠤᠷᠤᠯᠳᠤᠭᠠᠨ ᠢᠶᠠᠷ ᠲᠠᠮᠵᠢᠨ ᠴᠡᠷᠢᠭ ᠬᠦᠮᠦᠨ ᠤ ᠰᠢᠯᠢᠳᠡᠭ ᠬᠡᠪ ᠰᠤᠷᠲᠠᠯ ᠪᠠ ᠳᠦᠷᠢ ᠲᠥᠷᠬᠦ ᠶᠢ ᠤᠯᠠᠨ ᠲᠦᠮᠡᠨ ᠳᠤ ᠬᠠᠷᠠᠭᠤᠯᠤᠭᠰᠠᠨ ᠪᠠᠶᠢᠨ᠎ᠠ᠃        ᠲᠤᠰ ᠤᠳᠠᠭᠠᠨ ᠤ ᠠᠵᠢᠯᠯᠠᠭᠠᠨ ᠢᠶᠠᠷ ᠳᠠᠮᠵᠢᠵᠤ᠂ ᠴᠡᠷᠢᠭ ᠠᠴᠠ ᠬᠠᠯᠠᠭᠳᠠᠭᠰᠠᠳ ᠤᠨ ᠤᠯᠤᠰ ᠢᠶᠠᠨ ᠬᠠᠶᠢᠷᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠷᠤᠨ ᠤ ᠬᠥᠭᠵᠢᠯᠳᠡ ᠳᠤ ᠴᠡᠷᠢᠭ ᠬᠦᠮᠦᠨ ᠤ ᠦᠢᠯᠡᠳᠦᠯ ᠢᠶᠠᠨ ᠥᠷᠭᠦᠯᠵᠢᠯᠡᠨ ᠪᠠᠳᠠᠷᠠᠭᠤᠯᠬᠤ ᠵᠣᠷᠢᠭ ᠢ ᠬᠥᠪᠴᠢᠯᠡᠭᠰᠡᠨ ᠪᠠᠶᠢᠨ᠎ᠠ᠃                              ᠰᠤᠷᠪᠤᠯᠵᠢᠯᠠᠭᠴᠢ ᠪᠠᠶᠠᠨ᠎ᠠ ᠳᠠᠳᠤᠯᠭ᠎ᠠ ᠶᠢᠨ ᠰᠤᠷᠤᠭᠴᠢ ᠰᠦᠯᠳᠡ
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号