ᠳᠤᠮᠳᠠᠳᠤ ᠤᠯᠤᠰ ᠤᠨ ᠪᠦᠦ ᠡᠤ ᠪᠦᠯᠦᠭᠯᠡᠯ ᠤᠨ ᠶᠡᠷᠦᠩᠬᠡᠶ ᠳᠠᠭᠠᠭᠠᠮᠠᠯ ᠾᠧᠦ ᠠᠨ ᠬᠦᠶ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/5
       8 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠪᠦᠦ ᠡᠤ ᠪᠦᠯᠦᠭᠯᠡᠯ ᠤᠨ ᠶᠡᠷᠦᠩᠬᠡᠶ ᠳᠠᠭᠠᠭᠠᠮᠠᠯ ᠾᠧᠦ ᠠᠨ ᠬᠦᠶ ᠨᠠᠷ ᠮᠠᠨ ᠤ ᠬᠤᠰᠢᠭᠤᠨ ᠳᠤ ᠢᠷᠡᠵᠦ ᠨᠠᠷᠢᠯᠢᠭ ᠤᠨᠤᠪᠴᠢᠲᠠᠢ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠵᠡᠷᠭᠡ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠵᠠᠢ᠃        ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳᠡᠷᠡᠰᠦ ᠭᠠᠴᠠᠭ᠎ᠠ ᠶᠢᠨ ᠴᠠᠭᠠᠨ ᠢᠳᠡᠭᠡᠨ ᠤ ᠦᠢᠯᠡᠳᠪᠦᠷᠢ᠂ ᠨᠦᠢᠯ ᠪᠤᠭᠤᠳᠠᠢ ᠶᠢᠨ ᠰᠠᠭᠤᠷᠢᠨ ᠭᠠᠵᠠᠷ᠂ ᠮᠢᠩ ᠶᠠᠩ ᠺᠣᠮᠫᠠᠨᠢ᠂ ᠬᠤᠰᠢᠭᠤᠨ ᠤ ᠮᠦᠽᠧᠶ ᠵᠡᠷᠭᠡ ᠭᠠᠵᠠᠷ ᠤᠳ ᠲᠤ ᠬᠦᠷᠴᠦ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃         ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠠᠴᠠ ᠣᠷᠳᠣ ᠬᠤᠭᠤᠴᠠᠭᠠᠨ ᠤ ᠲᠤᠷᠰᠢ ᠪᠦᠦ ᠡᠤ ᠪᠦᠯᠦᠭᠯᠡᠯ ᠨᠢ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠬᠤᠶᠠᠷ ᠲᠠᠯ᠎ᠠ ᠪᠠᠷ ᠢᠶᠠᠨ ᠠᠵᠢᠯ ᠲᠦᠷᠦᠯ ᠤᠨ ᠬᠠᠮᠵᠢᠯᠴᠠᠬᠤ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠳᠤᠮᠳᠠᠳᠤ ᠤᠯᠤᠰ ᠤᠨ ᠪᠦᠦ ᠦ᠋ ᠪᠦᠯᠥᠭᠯᠡᠯ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠤᠯᠠᠨ ᠬᠠᠮᠵᠢᠯᠴᠠᠭ᠎ᠠ ᠥᠷᠨᠢᠭᠦᠯᠵᠦ᠂ ᠣᠩᠨᠢᠭᠤᠳ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠬᠤᠶᠢᠰᠢᠲᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠨᠡᠩ ᠶᠡᠭᠡ ᠠᠬᠢᠯᠲᠠ ᠲᠠᠢ ᠪᠤᠯᠠᠬᠤ ᠶᠢ ᠬᠦᠰᠡᠵᠦ ᠪᠠᠶᠢᠨ᠎ᠠ ᠭᠡᠵᠡᠢ᠃        ᠾᠧᠦ ᠠᠨ ᠬᠦᠶ ᠬᠡᠯᠡᠭᠰᠡᠨ ᠨᠢ ᠳᠤᠮᠳᠠᠳᠤ ᠤᠯᠤᠰ ᠤᠨ ᠪᠦᠦ ᠦ᠋ ᠪᠦᠯᠥᠭᠯᠡᠯ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠪᠤᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠥᠨ᠂ ᠠᠵᠤ ᠦᠢᠯᠡᠰ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠨᠡᠩ ᠶᠡᠭᠡ᠂ ᠨᠡᠩ ᠥᠷᠭᠡᠨ᠂ ᠨᠡᠩ ᠭᠦᠨ ᠳᠠᠪᠬᠤᠷᠭ᠎ᠠ ᠲᠡᠰᠢ ᠬᠦᠭᠵᠢᠬᠦ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠭᠤᠯᠵᠤ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号