ᠮᠦᠩᠬᠡ ᠪᠠᠷᠠᠭᠤᠨ ᠪᠦᠯᠥᠭ  ᠤᠨ  ᠰᠢᠶᠠᠩ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠣᠳᠣᠯᠠᠪᠠ
ᠨᠡᠶᠢᠲᠡᠯᠡᠭᠰᠡᠨ ᠴᠠᠭ᠄
2024/8/5
       8 ᠰᠠᠷ᠎ᠠ ᠶᠢᠨ3 ᠤ ᠡᠳᠥᠷ᠂ ᠬᠤᠰᠢᠭᠤᠨ ᠤ ᠨᠠᠮ   ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠦᠩᠬᠡ ᠪᠠᠷᠠᠭᠤᠨ ᠪᠦᠯᠥᠭ   ᠤᠨ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠣᠳᠣᠯᠪᠠ᠃       ᠲᠡᠷᠡ ᠪᠠᠶᠢᠴᠠᠭᠠᠨ ᠵᠢᠯᠤᠭᠤᠳᠬᠤ ᠶᠠᠪᠤᠴᠠ ᠳᠠᠭᠠᠨ ᠴᠢᠩᠭᠠᠳᠬᠠᠭᠰᠠᠨ ᠨᠢ᠂ ᠤᠶᠢᠷ᠎ᠠ ᠶᠢᠨ ᠬᠤᠭᠤᠴᠠᠭᠠᠨ  ᠳᠤ ᠮᠠᠨ ᠤ ᠬᠤᠰᠢᠭᠤᠨ ᠤ ᠬᠡᠪᠴᠢᠶᠡᠨ ᠳᠤ ᠬᠤᠷ᠎ᠠ ᠲᠤᠨᠤᠳᠠᠰᠤ ᠤᠯᠠᠰᠢᠷᠠᠵᠤ᠂ ᠭᠠᠷᠴᠤ ᠮᠡᠳᠡᠬᠦ  ᠠᠶᠤᠯ ᠭᠠᠮᠰᠢᠭ  ᠤᠨ ᠬᠡᠮᠵᠢᠶ᠎ᠡ ᠶᠢ ᠨᠡᠮᠡᠭᠳᠡᠭᠦᠯᠥᠭᠰᠡᠨ   ᠠᠴᠠ ᠦᠶᠡᠷ ᠤᠰᠤᠳᠠᠯ   ᠢ ᠰᠡᠷᠭᠡᠶᠢᠯᠡᠬᠦ ᠪᠠᠶᠢᠳᠠᠯ ᠢ ᠴᠤ ᠪᠠᠴᠢᠮ ᠲᠤᠯᠭᠠᠮ ᠪᠤᠯᠭᠠᠭᠰᠠᠨ ᠪᠠᠶᠢᠨ᠎ᠠ᠃ ᠡᠯ᠎ᠡ ᠭᠠᠵᠠᠷ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠠᠷᠠᠳ ᠲᠦᠮᠡᠨ ᠤ ᠠᠮᠢ ᠨᠠᠰᠤ ᠶᠢ ᠳᠡᠭᠡᠳᠥᠯᠡᠨ᠂ ᠭᠤᠤᠯ ᠤᠨ ᠬᠡᠪᠡᠯᠢ  ᠰᠡᠲᠡᠷᠡᠬᠦ᠂ ᠴᠦᠬᠦᠷᠥᠮ ᠬᠠᠰᠢᠯᠭ᠎ᠠ ᠪᠠᠨ ᠰᠡᠳᠡᠯᠬᠦ᠂ ᠬᠤᠲᠠ ᠲᠤᠭᠤᠷᠢᠭ ᠤᠰᠤᠳᠤᠬᠤ ᠵᠡᠷᠭᠡ ᠠᠶᠤᠯ ᠲᠠᠢ ᠬᠡᠰᠡᠭ ᠢ ᠴᠠᠭ ᠢᠮᠠᠭᠲᠠ ᠠᠩᠬᠠᠷᠴᠤ᠂ ᠠᠩᠬᠠᠷᠤᠯ ᠤᠨ ᠳᠡᠮᠳᠡᠭ  ᠡᠯᠭᠦᠨ᠂ ᠪᠠᠶᠢᠴᠠᠭᠠᠨ ᠦᠵᠡᠬᠦ ᠤᠳᠠᠭ᠎ᠠ ᠪᠠᠨ  ᠨᠡᠮᠡᠭᠳᠡᠭᠦᠯᠵᠥ᠂ ᠠᠶᠤᠯ ᠭᠠᠮᠰᠢᠭ ᠤᠨ ᠪᠠᠶᠢᠳᠠᠯ ᠢ ᠡᠷᠲᠡ ᠢᠯᠡᠷᠡᠭᠦᠯᠥᠨ᠂ ᠡᠷᠲᠡ ᠮᠡᠳᠡᠭᠦᠯᠵᠥ᠂ ᠡᠷᠲᠡ ᠰᠢᠢᠳᠪᠥᠷᠢᠯᠡᠨ᠂ ᠤᠯᠠᠨ ᠲᠦᠮᠡᠨ ᠤ ᠠᠮᠢ ᠨᠠᠰᠤ ᠡᠳ᠋ ᠬᠦᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠳᠡᠢ᠃ ᠦᠶᠡᠷ ᠢ ᠰᠡᠷᠭᠡᠶᠢᠯᠡᠬᠦ᠂ ᠠᠶᠤᠯ ᠠᠴᠠ  ᠵᠠᠶᠢᠯᠠᠭᠤᠯᠬᠤ᠂ ᠭᠠᠮᠰᠢᠭ  ᠠᠴᠠ ᠠᠪᠤᠷᠠᠬᠤ ᠪᠡᠯᠡᠳᠬᠡᠯ ᠢ ᠭᠦᠢᠴᠡᠳ ᠬᠢᠵᠥ  ᠂ ᠪᠠᠴᠢᠮ ᠪᠠᠶᠢᠳᠠᠯ ᠢ ᠠᠷᠭᠠᠴᠠᠬᠤ  ᠵᠢᠵᠢᠭᠦᠷᠯᠡᠨ ᠰᠠᠬᠢᠬᠤ ᠪᠤᠯᠤᠨ ᠦᠶᠡᠷ ᠤᠰᠤᠳᠤᠯ ᠰᠡᠷᠭᠡᠶᠢᠯᠡᠬᠦ ᠡᠳ᠋ ᠪᠤᠳᠠᠰ ᠨᠦᠬᠡᠴᠢᠯᠡᠬᠦ ᠠᠵᠢᠯ ᠢ  ᠴᠢᠩᠭᠠᠳᠬᠠᠬᠤ ᠬᠡᠷᠡᠭᠳᠡᠢ᠃ ᠴᠠᠭ ᠠᠭᠤᠷ ᠤᠨ ᠬᠡᠮᠵᠢᠯᠳᠡ ᠶᠢᠨ  ᠤᠷᠢᠳᠴᠢᠯᠠᠨ  ᠠᠩᠬᠠᠷᠤᠭᠤᠯᠬᠤ ᠠᠵᠢᠯ ᠢ ᠯᠠᠪᠳᠠᠭᠤᠨ ᠪᠠᠲᠤᠳᠠᠢ ᠬᠢᠵᠥ᠂ ᠦᠶᠡᠷᠯᠡᠬᠦ ᠤᠷᠤᠨ ᠭᠠᠵᠠᠷ ᠤᠨ ᠬᠠᠰᠢᠨ  ᠰᠡᠷᠭᠡᠶᠢᠯᠡᠵᠥ ᠠᠷᠭᠠᠴᠠᠬᠤ ᠠᠵᠢᠯ ᠢ ᠰᠠᠶᠢᠲᠤᠷ ᠬᠢᠵᠥ᠂ ᠭᠠᠮᠰᠢᠭᠳᠥ ᠠᠭᠤᠷ ᠠᠮᠢᠰᠬᠤᠯ   ᠠᠴᠠ ᠠᠪᠤᠷᠠᠬᠤ ᠠᠷᠭ᠎ᠠ ᠠᠪᠴᠠᠯ ᠢᠶᠠᠨ ᠴᠢᠩᠭᠠᠳᠬᠠᠵᠤ᠂ ᠭᠤᠤᠯ ᠮᠦᠷᠡᠨ ᠨᠠᠭᠤᠷ ᠴᠦᠬᠦᠷᠥᠮ ᠤᠨ ᠬᠠᠰᠢᠯᠭ᠎ᠠ ᠪᠠᠨ ᠰᠡᠳᠡᠯᠡᠨ ᠦᠶᠡᠷᠯᠡᠬᠦ ᠶᠢ  ᠪᠦᠬᠦ ᠬᠦᠴᠥᠨ ᠢᠶᠠᠷ ᠢᠶᠠᠨ ᠰᠡᠷᠭᠡᠶᠢᠯᠡᠨ᠂ ᠦᠷᠭᠡᠨ ᠤᠯᠠᠨ ᠲᠦᠮᠡᠨ ᠤ ᠠᠮᠢ ᠨᠠᠰᠤ ᠡᠳ᠋ ᠬᠦᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠳᠡᠢ ᠭᠡᠰᠡᠨ ᠪᠠᠶᠢᠨ᠎ᠠ᠃         ᠭᠤᠤ ᠶᠦᠩ ᠡᠦ ᠵᠡᠷᠭᠡ ᠤᠳᠤᠷᠢᠳᠤᠯᠭ᠎ᠠ ᠬᠠᠮᠲᠤ ᠪᠠᠷ ᠪᠠᠶᠢᠴᠠᠭᠠᠨ ᠰᠤᠳᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号