ᠥᠪᠥᠷ ᠮᠣᠩᠭᠤᠯ ᠣᠷᠣᠨ ᠤ 2024 ᠣᠨ ᠤ ᠠᠯᠠᠰᠢᠨ ᠦᠬᠡᠷ ᠤᠨ ᠭᠤᠤᠯᠯᠠᠬᠤ ᠡᠭᠦᠯᠳᠡᠷ ᠤᠨ ᠴᠣᠭᠴᠠᠯᠠᠯᠲᠠ ᠪᠠ ᠰᠢᠨ᠎ᠡ ᠡᠭᠦᠯᠳᠡᠷ ᠢ ᠪᠤᠶᠢᠵᠢᠭᠤᠯᠬᠤ ᠠᠵᠢᠯ ᠢ ᠠᠬᠢᠭᠤᠯᠬᠤ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/5
                7 ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ 1 ᠤ ᠡᠳᠦᠷ ᠪᠣᠯᠲᠠᠯ᠎ᠠ᠂ ︽ᠮᠠᠩᠯᠠᠶᠢᠯᠠᠭᠤᠯᠬᠤ ᠪᠠᠷ ᠨᠡᠶᠢᠲᠡᠯᠡᠭᠰᠡᠨ︾ ᠲᠥᠷᠥᠯ ᠵᠦᠢᠯ ᠪᠣᠯᠬᠤ᠂ ᠥᠪᠥᠷ ᠮᠣᠩᠭᠤᠯ ᠣᠷᠣᠨ ᠤ 2024 ᠣᠨ ᠤ ᠠᠯᠠᠰᠢᠨ ᠦᠬᠡᠷ ᠤᠨ ᠭᠤᠤᠯᠯᠠᠬᠤ ᠡᠭᠦᠯᠳᠡᠷ ᠤᠨ ᠴᠣᠭᠴᠠᠯᠠᠯᠲᠠ ᠬᠢᠭᠡᠳ ᠰᠢᠨ᠎ᠡ ᠡᠭᠦᠯᠳᠡᠷ ᠢ ᠪᠤᠶᠢᠵᠢᠭᠤᠯᠬᠤ ᠠᠵᠢᠯ ᠢ ᠠᠬᠢᠭᠤᠯᠬᠤ ᠬᠤᠷᠠᠯ ᠮᠠᠨ ᠤ ᠬᠤᠰᠢᠭᠤᠨ ᠳᠤ ᠶᠠᠪᠤᠭᠳᠠᠪᠠ᠃        ᠠᠬᠢᠭᠤᠯᠬᠤ ᠬᠤᠷᠠᠯ ᠳᠡᠭᠡᠷ᠎ᠡ᠂ ᠲᠠᠯ᠎ᠠ ᠨᠤᠲᠤᠭ ᠪᠣᠯᠤᠨ ᠦᠬᠡᠷ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠦᠷᠥᠭᠦᠥ ᠰᠠᠭᠤᠳᠠᠯ ᠤᠨ ᠰᠢᠨᠵᠢᠯᠡᠬᠦ ᠤᠬᠠᠭᠠᠨᠲᠠᠨ ᠾᠧ ᠮᠥᠷᠡᠨ ᠳ᠋ᠣᠺᠲ᠋ᠣᠷ ᠠᠴᠠ ᠪᠠᠶᠠᠷ ᠤᠨ ᠦᠭᠡ ᠶᠠᠷᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠤᠨ ᠣᠲᠣ ᠦᠶ᠎ᠡ ᠶᠢᠨ ᠦᠷᠡᠰ ᠮᠠᠯ ᠤᠨ ᠦᠢᠯᠡᠰ  ᠤᠨ ᠦᠷ᠎ᠡ ᠬᠦᠪᠥᠷᠡᠭᠦᠯᠬᠦ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠲᠤᠰᠬᠠᠶ ᠮᠡᠷᠭᠡᠵᠢᠯᠲᠡᠨ ᠪᠠ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠲᠤᠰᠬᠠᠶ ᠰᠡᠳᠦᠪᠲᠦ ᠮᠡᠳᠡᠭᠦᠯᠦᠯᠲᠡ ᠪᠠ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠬᠢᠪᠠ᠃       ᠣᠳᠣᠬᠠᠨ ᠳᠤ᠂ ᠮᠠᠨ ᠤ ᠤᠯᠤᠰ ᠤᠨ ᠦᠬᠡᠷ ᠤᠨ ᠮᠢᠬᠠᠨ ᠤ ᠭᠠᠷᠤᠯᠲᠠ ᠬᠢᠭᠡᠳ ᠬᠡᠷᠡᠭᠯᠡᠭᠡᠨ ᠤ ᠬᠡᠮᠵᠢᠶ᠎ᠡ ᠲᠤᠩ ᠶᠡᠭᠡ ᠠᠰᠠᠭᠤᠳᠠᠯ ᠣᠷᠣᠰᠢᠵᠤ ᠪᠠᠶᠢᠨ᠎ᠠ᠂᠂ ᠠᠯᠠᠰᠢᠨ ᠦᠬᠡᠷ ᠤᠨ ᠰᠢᠯᠢᠳᠡᠭ ᠡᠭᠦᠯᠳᠡᠷ ᠬᠤᠪᠣᠷ ᠪᠠᠶᠢᠬᠤ ᠠᠰᠠᠭᠤᠳᠠᠯ ᠳᠤ ᠴᠢᠭᠯᠡᠭᠦᠯᠥᠨ᠂ ᠮᠠᠨ ᠤ ᠤᠯᠤᠰ ᠤᠨ ᠡᠪᠡᠰᠥ ᠪᠡᠯᠴᠢᠭᠡᠷ ᠠᠭᠤᠷ ᠠᠮᠢᠰᠬᠤᠯ ᠲᠤ ᠳᠣᠭᠢᠷᠠᠬᠤ ᠠᠯᠠᠰᠢᠨ ᠦᠬᠡᠷ ᠤᠨ ᠲᠥᠷᠥᠯ ᠵᠦᠢᠯ ᠢ ᠰᠣᠩᠭᠤᠨ ᠪᠤᠶᠢᠵᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠣᠷᠣᠨ ᠤ ᠠᠯᠠᠰᠢᠨ ᠦᠬᠡᠷ ᠤᠨ ᠭᠤᠤᠯᠯᠠᠬᠤ ᠡᠭᠦᠯᠳᠡᠷ ᠤᠨ ᠴᠣᠭᠴᠠᠯᠠᠯᠲᠠ ᠬᠢᠭᠡᠳ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠲᠥᠷᠥᠯ ᠵᠦᠢᠯ ᠨᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠯᠤᠭ᠎ᠠ ᠬᠤᠯᠪᠣᠭᠠᠯᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ᠰᠤᠳᠤᠯᠭᠠᠨ ᠤ ᠦᠷ᠎ᠡ ᠪᠦᠲᠦᠭᠡᠯ ᠢ ᠦᠢᠯᠡᠳᠪᠦᠷᠢᠯᠡᠯ ᠤᠨ ᠦᠢᠯᠡᠳᠦᠯᠭᠡ ᠳᠤ ᠦᠨᠡᠨ ᠬᠦ ᠬᠡᠷᠡᠭᠯᠡᠬᠦ ᠨᠢ ᠮᠠᠨᠤᠰ ᠤᠨ ᠭᠠᠷᠬᠤ ᠵᠠᠮ ᠪᠣᠯᠬᠤ ᠶᠤᠮ᠃        ᠣᠶᠢᠯᠠᠭᠠᠭᠰᠠᠨ ᠢᠶᠠᠷ᠂ ᠥᠪᠥᠷ ᠮᠣᠩᠭᠤᠯ ᠣᠷᠣᠨ ᠤ ᠠᠯᠠᠰᠢᠨ ᠦᠬᠡᠷ ᠤᠨ ᠭᠤᠤᠯᠯᠠᠬᠤ ᠡᠭᠦᠯᠳᠡᠷ ᠤᠨ ᠴᠣᠭᠴᠠᠯᠠᠯᠲᠠ ᠬᠢᠭᠡᠳ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠲᠥᠷᠥᠯ ᠵᠦᠢᠯ ᠨᠢ ᠠᠯᠠᠰᠢᠨ ᠦᠬᠡᠷ ᠤᠨ ᠦᠷᠡᠰ ᠮᠠᠯ ᠤᠨ ᠦᠢᠯᠡᠰ ᠢ ᠬᠠᠮᠵᠢᠨ ︽ᠪᠡᠶ᠎ᠡ ᠪᠠᠨ ᠳᠠᠭᠠᠭᠠᠭᠰᠠᠨ ᠭᠤᠤᠯᠯᠠᠬᠤ ᠡᠭᠦᠯᠳᠡᠷ ᠪᠤᠶᠢᠵᠢᠭᠤᠯᠬᠤ ᠬᠦᠴᠦᠨ ᠵᠦᠢᠯ︾ ᠢ ᠨᠡᠭᠡᠭᠡᠨ ᠬᠥᠭᠵᠢᠭᠦᠯᠵᠦ᠂ ᠦᠷ᠎ᠡ ᠬᠦᠪᠥᠷᠡᠭᠦᠯᠬᠦ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠢ ᠰᠢᠢᠳᠪᠦᠷᠢᠯᠡᠨ᠂ ᠦᠷᠡᠵᠢᠯ ᠰᠠᠶᠢᠳᠠᠶ ᠂ ᠴᠢᠨᠠᠷ ᠰᠠᠶᠢᠲᠠᠶ ᠣᠷᠣᠨ ᠨᠤᠲᠤᠭ ᠤᠨ ᠠᠯᠠᠰᠢᠨ ᠦᠬᠡᠷ ᠤᠨ ᠰᠢᠨ᠎ᠡ ᠡᠭᠦᠯᠳᠡᠷ ᠢ ᠪᠤᠶᠢᠵᠢᠭᠤᠯᠬᠤ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠤᠨ ᠦᠷᠡᠰ ᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠲᠥᠯᠥᠭᠡ ᠶᠤᠮ᠃ 2022 ᠣᠨ ᠤ 6 ᠳ᠋ᠤᠭᠠᠷ ᠰᠠᠷ᠎ᠠ ᠶᠢᠨ 10 ᠤ ᠡᠳᠦᠷ ᠲᠣᠰ ᠲᠥᠷᠥᠯ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠤᠨ ᠣᠲᠣ ᠦᠶ᠎ᠡ ᠶᠢᠨ ᠦᠷᠡᠰ ᠮᠠᠯ ᠤᠨ ᠦᠢᠯᠡᠰ ᠤᠨ ᠦᠷ᠎ᠡ ᠬᠦᠪᠥᠷᠡᠭᠦᠯᠬᠦ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠣᠭᠰᠠᠨ ᠪᠠᠶᠢᠨ᠎ᠠ᠃ ᠲᠤᠰ ᠤᠳᠠᠭᠠᠨ ᠤ ᠠᠬᠢᠭᠤᠯᠬᠤ ᠬᠤᠷᠠᠯ ᠢ ᠣᠩᠨᠢᠭᠤᠳ ᠬᠤᠰᠢᠭᠤᠨ ᠳᠤ ᠬᠤᠷᠠᠯᠳᠤᠭᠤᠯᠤᠭᠰᠠᠨ ᠨᠢ᠂ ᠣᠩᠨᠢᠭᠤᠳ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠢ ᠳᠠᠬᠢᠨ ᠴᠣᠭᠴᠠᠯᠠᠬᠤ ᠳᠤ ᠡᠷᠬᠢᠮ ᠨᠠᠨᠳᠢᠨ ᠠᠵᠠ ᠲᠣᠬᠢᠶᠠᠯ ᠣᠯᠭᠤᠭᠰᠠᠨ ᠶᠠᠪᠤᠳᠠᠯ ᠪᠣᠯᠬᠤ ᠶᠤᠮ᠃       ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠶᠠᠷᠢᠶᠠᠨ ᠳᠠᠭᠠᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠳᠠ ᠶᠢᠨ ᠢᠨᠵᠧᠨᠧᠷᠢᠩ ᠤᠨ ᠬᠤᠯᠪᠣᠭᠳᠠᠯ ᠪᠥᠬᠦᠶ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠨᠡ ᠬᠦ ᠮᠠᠩᠯᠠᠶᠢᠯᠠᠭᠤᠯᠬᠤ ᠪᠠᠷ ᠨᠡᠶᠢᠲᠡᠯᠡᠭᠰᠡᠨ ᠲᠥᠷᠥᠯ ᠵᠦᠢᠯ ᠤᠨ ᠲᠠᠪᠴᠠᠩ ᠂ ᠡᠬᠢ ᠪᠠᠶᠠᠯᠢᠭ ᠂ ᠠᠵᠤ ᠦᠢᠯᠡᠰ ᠤᠨ ᠳᠠᠪᠠᠭᠤᠯᠢᠭ ᠢ ᠠᠰᠢᠭᠯᠠᠨ᠂ ᠪᠠᠶᠢᠭᠤᠯᠤᠮᠵᠢ ᠲᠣᠭᠲᠠᠴᠠ᠂ ᠦᠢᠯᠡᠴᠢᠯᠡᠭᠡᠨ ᠤ ᠪᠠᠲᠤᠯᠠᠭ᠎ᠠ᠂ ᠦᠷ᠎ᠡ ᠪᠦᠲᠦᠭᠡᠯ ᠤᠨ ᠬᠡᠷᠡᠭᠯᠡᠯᠲᠡ᠂ ᠤᠯᠠᠷᠢᠭᠤᠯᠤᠨ ᠳᠡᠯᠭᠡᠷᠡᠭᠦᠯᠬᠦ ᠵᠡᠷᠭᠡ ᠲᠠᠯ᠎ᠠ ᠪᠠᠷ ᠲᠤᠰᠬᠠᠶ ᠮᠡᠷᠭᠡᠵᠢᠯᠲᠡᠨ ᠤ ᠪᠦᠯᠬᠦᠮ᠂ ᠳᠠᠭᠠᠭᠤᠯᠤᠭᠴᠢ ᠠᠵᠤ ᠠᠬᠤᠶᠢᠯᠠᠯ ᠲᠠᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠥ᠂ ᠮᠡᠷᠭᠡᠵᠢᠯ ᠢ ᠰᠢᠯᠵᠢᠭᠦᠯᠥᠨ ᠠᠰᠢᠭᠯᠠᠬᠤ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠣᠨ᠎ᠠ᠃ ᠠᠯᠠᠰᠢᠨ ᠦᠬᠡᠷ ᠤᠨ ᠣᠳᠣᠬᠢᠴᠢᠯᠠᠭᠰᠠᠨ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠦᠷᠭᠦᠯᠵᠢᠯᠡᠨ ᠬᠦᠭᠵᠢᠬᠦ ᠶᠢ ᠲᠠᠰᠤᠷᠠᠯᠲᠠ ᠥᠬᠡᠶ ᠠᠬᠢᠭᠤᠯᠤᠨ᠎ᠠ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号