ᠮᠠᠨ ᠤ ᠬᠤᠰᠢᠭᠤ 2024 ᠣᠨ ᠤ ᠪᠥᠬᠦ ᠲᠦᠮᠡᠨ ᠢᠶᠠᠷ ᠢᠶᠠᠨ ᠨᠤᠮ ᠤᠩᠰᠢᠨ ᠠᠰᠢᠭ ᠬᠦᠷᠲᠡᠬᠦ ᠨᠣᠮ ᠪᠢᠴᠢᠭ ᠢ ᠲᠤᠭᠤᠷᠢᠨ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
       9 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠭᠰᠡᠨ ︽ᠨᠤᠮ ᠤᠨ ᠦᠨᠥᠷ ᠬᠠᠩᠬᠤᠯᠤᠭᠰᠠᠨ ᠤᠮᠠᠷᠠᠲᠤ ᠬᠢᠵᠠᠭᠠᠷ ᠤᠨ ᠣᠩᠨᠢᠭᠤᠳ ᠨᠤᠲᠤᠭ︾ ᠭᠡᠬᠦ 2024 ᠣᠨ ᠤ ᠪᠥᠬᠦ ᠲᠦᠮᠡᠨ ᠢᠶᠠᠷ ᠢᠶᠠᠨ ᠨᠤᠮ ᠤᠩᠰᠢᠨ ᠠᠰᠢᠭ ᠬᠦᠷᠲᠡᠬᠦ ᠨᠣᠮ ᠪᠢᠴᠢᠭ ᠢ ᠲᠤᠭᠤᠷᠢᠨ ᠳᠡᠯᠭᠡᠨ ᠦᠵᠡᠭᠦᠯᠬᠦ ᠠᠵᠢᠯᠯᠠᠭ᠎ᠠ ᠴᠢᠤᠸᠠᠨ ᠨᠢᠩ ᠠᠭᠤᠳᠠᠮ ᠲᠠᠯᠠᠪᠠᠶ ᠳᠤ ᠶᠠᠪᠤᠭᠳᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠤᠯᠤᠰ ᠤᠨ ᠴᠠᠬᠢᠯᠭᠠᠨ ᠲᠤᠤᠷᠵᠢᠯ ᠤᠨ ᠣᠩᠨᠢᠭᠤᠳ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠬᠠᠮᠲᠤᠷᠠᠭᠰᠠᠨ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠲᠣᠰ ᠲᠣᠰ ᠮᠠᠨ ᠤ ᠬᠤᠰᠢᠭᠤᠨ ᠤ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ 5 ᠲᠦᠮᠡᠨ ᠲᠥᠭᠦᠷᠢᠭ ᠤᠨ ᠥᠷᠲᠡᠭ ᠪᠥᠬᠦᠶ ᠨᠣᠮ ᠪᠢᠴᠢᠭ ᠬᠠᠨᠳᠢᠪᠯᠠᠪᠠ᠃       ᠨᠣᠮ ᠪᠢᠴᠢᠭ ᠤᠨ ᠲᠣᠭᠤᠷᠢᠨ ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠥᠯᠳᠡ᠂ ᠤᠷᠠᠯᠢᠭ ᠤᠨ ᠵᠦᠢᠯ ᠵᠡᠷᠭᠡ 8 ᠶᠡᠭᠡ ᠲᠦᠷᠦᠯ ᠤᠨ 3000 ᠭᠠᠷᠤᠢ ᠵᠦᠢᠯ ᠤᠨ ᠨᠣᠮ ᠪᠢᠴᠢᠭ ᠨᠢ ᠶᠡᠭᠡ ᠬᠡᠮᠵᠢᠶᠡᠨ ᠤ ᠤᠩᠰᠢᠯᠭ᠎ᠠ ᠶᠢᠨ ᠪᠠᠭ᠋ᠠᠲᠠᠳ ᠤᠨ ᠠᠩᠬᠠᠷᠤᠯ ᠢ ᠲᠠᠲᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠨᠣᠮ ᠪᠢᠴᠢᠭ ᠤᠨ ᠲᠣᠭᠤᠷᠢᠨ ᠦᠵᠡᠭᠦᠯᠬᠦ ᠠᠵᠢᠯᠯᠠᠭ᠎ᠠ ᠨᠢ᠂ 9 ᠰᠠᠷ᠎ᠠ ᠶᠢᠨ 6 ᠤ ᠡᠳᠦᠷ ᠠᠴᠠ 9 ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号