| | ᠡᠨᠡ ᠵᠢᠯ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠭᠦᠨᠵᠡᠭᠡᠶᠢᠷᠡᠨ ᠬᠡᠷᠡᠭᠵᠢᠭᠦᠯᠥᠭᠳᠡᠭᠰᠡᠨ ᠤ ᠳᠡᠭᠡᠷ᠎ᠡ᠂ ᠪᠣᠷᠣᠭᠠᠨ ᠬᠤᠷ᠎ᠠ ᠳᠡᠭᠰᠢ ᠪᠤᠯᠵᠤ᠂ ᠳᠤᠮᠳᠠᠳᠤ | ᠤᠯᠤᠰ ᠤᠨ ᠰᠠᠭᠠᠭ ᠤᠨ ᠨᠤᠲᠤᠭ ᠭᠡᠵᠦ ᠠᠯᠳᠠᠷᠰᠢᠭᠰᠠᠨ ᠣᠩᠨᠢᠭᠤᠳ ᠬᠤᠰᠢᠭᠤᠨ ᠤ ᠪᠠᠷᠠᠭᠤᠨ ᠬᠡᠰᠡᠭ ᠤᠨ | ᠰᠠᠭᠠᠭ ᠤᠨ ᠲᠠᠷᠢᠶ᠎ᠠ ᠡᠯᠪᠡᠭ ᠬᠤᠷᠢᠶᠠᠯᠲᠠ ᠤᠯᠵᠤ᠂ ᠤᠳᠤ ᠶᠠᠭ ᠬᠠᠳᠤᠵᠤ ᠬᠤᠷᠢᠶᠠᠬᠤ ᠱᠠᠲᠤᠨ ᠳᠤ ᠪᠠᠨ | ᠤᠷᠤᠭᠰᠠᠨ ᠪᠠᠶᠢᠨ᠎ᠠ᠃ | ᠤᠶᠢᠷ᠎ᠠ ᠳᠤ᠂ ᠪᠥᠬᠦ ᠬᠤᠰᠢᠭᠤᠨ ᠤ ᠰᠠᠭᠠᠭ ᠳᠠᠷᠢᠬᠤ ᠲᠠᠯᠠᠪᠠᠶ ᠶᠢ 30 ᠲᠦᠮᠡᠨ ᠮᠥ ᠠᠴᠠ ᠳᠡᠭᠡᠭᠰᠢ᠂ | ᠤᠨᠠᠯᠲᠠ ᠶᠢ 3 ᠲᠦᠮᠡᠨ ᠲᠣᠨ ᠠᠴᠠ ᠳᠡᠭᠡᠭᠰᠢ ᠳᠤ ᠲᠤᠭᠲᠠᠪᠤᠷᠢᠵᠢᠭᠤᠯᠤᠭᠠᠳ᠂ ᠤᠩᠨᠢᠭᠤᠳ ᠬᠤᠰᠢᠭᠤ ᠨᠢ ᠦᠪᠦᠷ | ᠮᠤᠩᠭᠤᠯ ᠣᠷᠣᠨ ᠤ ᠰᠠᠭᠠᠭ ᠳᠠᠷᠢᠬᠤ ᠲᠠᠯᠠᠪᠠᠶ ᠪᠠᠷ ᠬᠠᠮᠤᠭ ᠤᠨ ᠶᠡᠭᠡ ᠬᠤᠰᠢᠭᠤ ᠰᠢᠶᠠᠨ ᠪᠤᠯᠤᠭᠰᠠᠨ ᠢᠶᠠᠷ ᠪᠠᠷᠠᠬᠤ | ᠦᠭᠡᠢ ᠮᠠᠨ ᠤ ᠤᠯᠤᠰ ᠤᠨ ᠴᠢᠨᠠᠷ ᠰᠠᠶᠢᠲᠠᠶ ᠰᠠᠭᠠᠭ ᠤᠨ ᠭᠤᠤᠯ ᠭᠠᠷᠤᠯᠲᠠ ᠶᠢᠨ ᠣᠷᠣᠨ ᠪᠤᠯᠤᠭᠰᠠᠨ ᠪᠠᠶᠢᠨ᠎ᠠ᠃ | ᠣᠳᠣᠬᠠᠨ ᠳᠤ᠂ ᠮᠠᠨ ᠤ ᠬᠤᠰᠢᠭᠤᠨ ᠳᠤ᠂ ᠠᠵᠤ ᠠᠬᠤᠶᠢᠯᠠᠯ ᠳᠠᠶᠢᠴᠢᠯᠠᠬᠤ᠂ ᠬᠤᠷᠰᠢᠨ ᠳᠠᠷᠢᠬᠤ᠂ | ᠲᠠᠷᠢᠶᠠᠴᠢᠨ ᠠᠵᠤ ᠠᠬᠤᠶᠢᠯᠠᠯ ᠬᠠᠮᠲᠣᠷᠠᠬᠤ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠵᠠᠭᠪᠤᠷ ᠨᠡᠶᠢᠳᠡᠮ | ᠳᠡᠯᠭᠡᠷᠡᠵᠦ᠂ ᠲᠠᠷᠢᠮᠠᠯ ᠠᠴᠠ ᠬᠤᠭᠤᠯᠠ ᠤᠮᠳᠠ ᠬᠦᠷᠲᠡᠯᠡᠬᠢ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ | ᠪᠦᠷᠢᠯᠳᠦᠭᠦᠯᠥᠨ᠂ ᠤᠮᠳᠠᠭᠠᠨ ᠤ ᠲᠥᠷᠥᠯ᠂ ᠠᠮᠲᠠ ᠣᠷᠣᠭᠤᠯᠬᠤ ᠲᠥᠷᠥᠯ᠂ ᠠᠷᠢᠬᠢᠨ ᠤ ᠲᠦᠷᠥᠯ᠂ | ᠡᠷᠡᠭᠦᠯᠵᠢᠯ ᠤᠨ ᠲᠥᠷᠥᠯ ᠵᠡᠷᠭᠡ ᠰᠠᠭᠠᠭ ᠠᠴᠠ ᠡᠳ᠋ᠰᠢᠭᠦᠯᠥᠭᠰᠡᠨ ᠪᠦᠲᠦᠭᠡᠭᠳᠡᠬᠦᠨ 100 ᠭᠠᠷᠤᠶ ᠵᠦᠢᠯ ᠳᠤ ᠬᠦᠷᠴᠦ | ᠂ ᠨᠢᠭᠡ ᠪᠦᠯᠦᠭ ᠪᠦᠲᠦᠭᠡᠭᠳᠡᠬᠦᠨ ᠨᠢ ᠣᠷᠣᠰ᠂ ᠶᠠᠫᠣᠨ᠂ ᠺᠣᠷᠢᠶᠠ ᠵᠡᠷᠭᠡ ᠤᠯᠤᠰ ᠣᠷᠣᠨ ᠳᠤ ᠪᠤᠷᠤᠯᠠᠭᠤᠯᠤᠭᠳᠠᠵᠤ | ᠪᠠᠶᠢᠨ᠎ᠠ᠃ ᠣᠩᠨᠢᠭᠤᠳ ᠬᠤᠰᠢᠭᠤ ᠪᠣᠯᠣᠨ ᠬᠡᠰᠡᠭ ᠪᠦᠯᠦᠭ ᠰᠠᠭᠠᠭ ᠪᠣᠯᠪᠠᠰᠤᠷᠠᠭᠤᠯᠬᠤ ᠠᠵᠤ ᠠᠬᠤᠶᠢᠯᠠᠯ ᠨᠢ ᠪᠠᠰᠠ | ︽ᠳᠡᠯᠡᠬᠡᠢ ᠶᠢᠨ ᠰᠠᠭᠠᠭ ᠤᠨ ᠨᠤᠲᠤᠭ︾᠂ ᠰᠠᠭᠠᠭ ᠢ ᠨᠠᠷᠢᠯᠢᠭ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠣᠨ | ᠰᠠᠭᠠᠭ ᠤᠨ ᠪᠦᠲᠦᠭᠡᠭᠳᠡᠬᠦᠨ ᠤ ᠮᠡᠷᠭᠡᠵᠢᠯ ᠤᠨ ᠨᠡᠭᠡᠭᠡᠨ ᠬᠦᠭᠵᠢᠭᠦᠯᠥᠯᠲᠡ ᠶᠢᠨ ᠰᠠᠭᠤᠷᠢᠨ ᠭᠠᠵᠠᠷ ᠢᠶᠠᠷ | ᠨᠡᠷᠡᠯᠡᠭᠳᠡᠭᠰᠡᠨ ᠪᠠᠶᠢᠨ᠎ᠠ᠃ | |