| | 9 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ | ᠮᠦᠩᠬᠡ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ | ᠵᠥᠪᠯᠡᠯ ᠤᠨ 2024 ᠣᠨ ᠤ 4 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠂᠂ ᠯᠢᠨ ᠬᠤ᠋᠂ | ᠳᠤᠪᠳᠤᠨᠰᠡᠩᠭᠡ᠂ ᠶᠠᠩ ᠪᠦᠦ ᠰᠧᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠠᠴᠠ ᠪᠣᠷᠣᠬᠤᠲᠠ ᠪᠠᠯᠭᠠᠰᠤᠨ ᠤ ᠨᠠᠰᠤᠳᠠᠶᠢᠴᠣᠳ ᠢ ᠠᠰᠠᠷᠠᠬᠤ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ ᠲᠥᠯᠥᠪᠵᠢᠭᠦᠯᠭᠡ ᠶᠢᠨ | ᠲᠥᠰᠦᠯ᠂ ᠪᠣᠷᠣᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠣᠷᠣᠨ | ᠰᠠᠭᠤᠴᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ ᠲᠥᠯᠥᠪᠵᠢᠭᠦᠯᠭᠡ ᠶᠢᠨ | ᠲᠥᠰᠦᠯ᠂ ᠵᠥᠩ ᠯᠢᠶᠠᠩ ᠪᠦᠯᠥᠭᠯᠡᠯ ᠤᠨ ᠤᠯᠠᠭᠠᠨᠬᠠᠳᠠ ᠳᠠᠬᠢ ᠬᠢᠵᠠᠭᠠᠷᠲᠤ ᠺᠣᠮᠫᠠᠨᠢ ᠶᠢᠨ 22 ᠲᠦᠮᠡᠨ ᠲᠣᠨ | ᠲᠡᠵᠢᠭᠡᠯ ᠪᠣᠷᠳᠤᠭ᠎ᠠ ᠦᠢᠯᠡᠳᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ | ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠥᠰᠦᠯ ᠵᠡᠷᠭᠡ 9 ᠵᠥᠪᠯᠡᠬᠦ ᠰᠡᠳᠦᠪ ᠢ ᠬᠢᠨᠠᠨ ᠪᠠᠶᠢᠴᠠᠭᠠᠵᠤ | ᠰᠤᠳᠤᠯᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠦᠯᠥᠪᠵᠢᠭᠦᠯᠥᠨ ᠬᠥᠲᠥᠯᠥᠨ ᠳᠠᠭᠠᠭᠤᠯᠬᠤ | ᠦᠶ᠋ᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠯᠥᠪᠵᠢᠭᠦᠯᠬᠦ ᠶᠢ ᠪᠠᠷᠢᠮᠲᠠᠯᠠᠨ᠂ ᠪᠥᠬᠦ ᠬᠤᠰᠢᠭᠤᠨ ᠤ | ᠬᠥᠭᠵᠢᠯᠲᠡ ᠶᠢᠨ ᠬᠠᠷᠠᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠴᠢᠳᠠᠮᠵᠢ ᠶᠢ ᠵᠦᠶ | ᠵᠣᠬᠢᠰᠲᠠᠶ ᠲᠡᠭᠦᠯᠳᠡᠷᠵᠢᠭᠦᠯᠬᠦ ᠬᠡᠷᠡᠭᠳᠡᠢ᠂᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ ᠲᠥᠯᠥᠪᠵᠢᠭᠦᠯᠭᠡ ᠶᠢᠨ | ᠰᠢᠰᠲ᠋ᠧᠮ ᠢᠶᠠᠨ ᠲᠡᠭᠦᠯᠳᠡᠷᠵᠢᠭᠦᠯᠥᠨ᠂ ᠣᠷᠣᠨ ᠵᠠᠶ ᠶᠢᠨ ᠪᠠᠶᠢᠷᠢᠰᠢᠯ ᠢ ᠡᠮᠬᠢ ᠵᠢᠷᠤᠮ ᠲᠠᠢ᠂ ᠲᠥᠯᠥᠪᠵᠢᠭᠦᠯᠭᠡ ᠶᠢ | ᠬᠦᠴᠦᠲᠡᠶ ᠪᠣᠯᠭᠠᠬᠤ ᠶᠢ ᠠᠬᠢᠭᠤᠯᠵᠤ᠂ ᠥᠨᠳᠥᠷ ᠲᠦᠪᠰᠢᠨ ᠪᠥᠬᠦᠶ ᠲᠥᠯᠥᠪᠵᠢᠭᠦᠯᠭᠡ ᠪᠠᠷ ᠴᠢᠨᠠᠷ ᠰᠠᠶᠢᠲᠠᠶ | ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠰᠡᠨ ᠪᠠᠶᠢᠨ᠎ᠠ᠃ |