ᠤᠯᠠᠭᠠᠨᠬᠠᠳᠠ ᠶᠢᠨ ᠴᠤᠤ ᠵᠢᠤᠢ ᠨᠢᠳᠦᠨ ᠡᠮᠨᠡᠯᠭᠡ ᠶᠢᠨ ᠬᠤᠷᠢᠶᠠᠨ ᠤ ᠮᠡᠷᠭᠡᠵᠢᠯᠲᠡᠳ ᠮᠠᠨ ᠤ ᠬᠤᠰᠢᠭᠤᠨ ᠳᠤ ᠢᠷᠡᠵᠥ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/9/18
       9 ᠰᠠᠷ᠎ᠠ ᠶᠢᠨ 11 ᠤ ᠡᠳᠦᠷ᠂ ᠤᠯᠠᠭᠠᠨᠬᠠᠳᠠ ᠶᠢᠨ ᠴᠤᠤ ᠵᠢᠤᠢ ᠨᠢᠳᠦᠨ ᠡᠮᠨᠡᠯᠭᠡ ᠶᠢᠨ ᠬᠤᠷᠢᠶᠠᠨ ᠤ ᠡᠮᠴᠢ ᠠᠵᠢᠯᠲᠠᠳ ᠪᠤᠷᠤᠬᠤᠳᠠ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ᠃       ᠤᠯᠠᠭᠠᠨᠬᠠᠳᠠ ᠶᠢᠨ ᠴᠤᠤ ᠵᠢᠤᠢ ᠨᠢᠳᠦᠨ ᠡᠮᠨᠡᠯᠭᠡ ᠶᠢᠨ ᠬᠤᠷᠢᠶᠠᠨ ᠤ ᠳᠠᠷᠤᠭ᠎ᠠ ᠾᠧᠦ ᠬᠦᠶ ᠮᠧᠶ ᠵᠢᠷᠤᠭ ᠦᠰᠥᠭ ᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠳᠦᠨ ᠤ ᠴᠡᠴᠡᠭᠡᠶ ᠶᠢᠨ ᠦᠨᠳᠦᠰᠦᠨ ᠪᠦᠲᠦᠴᠡ᠂ ᠣᠶᠢᠷ᠎ᠠ ᠬᠠᠷᠠᠭ᠎ᠠ ᠲᠠᠢ ᠪᠣᠯᠤᠭᠰᠠᠨ ᠰᠢᠯᠲᠠᠭᠠᠨ᠂ ᠣᠶᠢᠷ᠎ᠠ ᠬᠠᠷᠠᠭ᠎ᠠ ᠠᠴᠠ ᠪᠣᠯᠤᠭᠰᠠᠨ ᠨᠥᠯᠥᠭᠡ ᠵᠢᠴᠢ ᠣᠶᠢᠷ᠎ᠠ ᠬᠠᠷᠠᠭ᠎ᠠ ᠶᠢ ᠬᠡᠷᠬᠢᠨ ᠰᠡᠷᠭᠡᠶᠢᠯᠡᠬᠦ ᠵᠡᠷᠭᠡ ᠲᠠᠯ᠎ᠠ ᠶᠢᠨ ᠠᠭᠤᠯᠭ᠎ᠠ ᠶᠢ ᠲᠠᠶᠢᠯᠪᠤᠷᠢᠯᠠᠭᠰᠠᠨ ᠪᠥᠭᠡᠳ ᠪᠠᠭᠰᠢ ᠰᠤᠷᠤᠭᠴᠢᠳ ᠲᠠᠢ ᠰᠠᠨᠠᠯ ᠢᠶᠠᠨ ᠰᠣᠯᠢᠯᠴᠠᠵᠤ᠂ ᠰᠤᠷᠤᠭᠴᠢᠳ ᠲᠤ ᠣᠶᠢᠷ᠎ᠠ ᠬᠠᠷᠠᠭ᠎ᠠ ᠶᠢᠨ ᠬᠤᠤᠷ ᠬᠥᠨᠥᠭᠡᠯ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠵᠡᠮᠰᠢᠭᠦᠯᠥᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号